ᠰᠢᠪᠠᠷᠳᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠨᠤᠲᠤᠭ ᠪᠡᠯᠴᠢᠭᠡᠷ ᠤᠨ | ᠬᠠᠤᠯᠢ ᠬᠡᠷᠡᠭᠵᠢᠭᠦᠯᠬᠦ᠂ ᠬᠡᠷᠡᠭ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2021 ᠣᠨ ᠤ 7 ᠰᠠᠷ᠎ᠠ ᠶᠢᠨ 13 ᠤ | ᠡᠳᠦᠷ᠂ ᠰᠢᠪᠠᠷᠳᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠲᠦᠭᠡᠮᠡᠯᠵᠢᠭᠦᠯᠬᠦ ᠪᠣᠯᠪᠠᠰᠤᠷᠠᠯ ᠢ ᠵᠣᠬᠢᠶᠠᠨ | ᠪᠠᠶᠢᠭᠤᠯᠵᠤ ᠥᠷᠨᠢᠭᠦᠯᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠣᠯᠪᠠᠰᠤᠷᠠᠯ ᠳᠤ | ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠯ ᠳᠤ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠭᠠᠷ ᠳᠡᠪᠲᠡᠷ ᠲᠠᠬᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ | ᠲᠦᠷᠢᠮ︾ ᠤᠨ ᠬᠡᠰᠡᠭ ᠠᠭᠤᠯᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ᠶᠢᠨ ᠬᠡᠰᠡᠭ | ᠠᠭᠤᠯᠭ᠎ᠠ ᠶᠢ ᠰᠢᠰᠲ᠋ᠧᠮ ᠲᠠᠢ ᠰᠤᠷᠤᠯᠴᠠᠪᠠ᠃ | | ᠲᠣᠪᠴᠢᠶᠠᠨ ᠳᠠᠷᠤᠭ᠎ᠠ ᠯᠢ ᠶᠢᠩ ᠵᠢᠶᠦ᠋ᠨ ᠨᠥᠬᠦᠷ ᠴᠢᠬᠤᠯᠠᠴᠢᠯᠠᠬᠤ ᠳᠠᠭᠠᠨ᠂ ᠲᠠᠯ᠎ᠠ ᠨᠤᠲᠤᠭ ᠣᠶᠢᠲᠤ ᠭᠠᠵᠠᠷ ᠢ ᠡᠪᠳᠡᠬᠦ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠲᠠᠯ᠎ᠠ ᠨᠤᠲᠤᠭ ᠤᠨ ᠬᠠᠤᠯᠢ ᠬᠡᠷᠡᠭᠵᠢᠭᠦᠯᠦᠯᠲᠡ ᠶᠢᠨ ᠰᠤᠷᠤᠯᠴᠠᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠶ᠂ ᠡᠯ᠎ᠡ ᠬᠠᠤᠯᠢ ᠬᠡᠷᠡᠭᠵᠢᠭᠦᠯᠬᠦ ᠠᠵᠢᠯᠲᠠᠳ ᠡᠳᠦᠷ ᠲᠤᠲᠤᠮ ᠤᠨ ᠰᠤᠷᠤᠯᠴᠠᠯᠭ᠎ᠠ ᠪᠠᠨ ᠴᠢᠩᠭᠠᠳᠬᠠᠨ᠂ ᠬᠠᠤᠯᠢ ᠬᠡᠷᠡᠭᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠣᠶᠢᠲᠤ ᠭᠠᠵᠠᠷ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠳᠤ ᠡᠷᠡᠰ | ᠴᠣᠬᠢᠯᠲᠠ ᠥᠭᠬᠦ ᠬᠡᠷᠡᠭᠲᠡᠶ ᠭᠡᠵᠡᠢ᠂ ᠡᠭᠦᠨ ᠠᠴᠠ ᠭᠠᠳᠠᠨ᠎ᠠ᠂ ᠲᠣᠰ ᠭᠠᠷᠠᠭ ᠤᠨ ᠠᠵᠢᠯ ᠢ ᠤᠯᠠᠮ ᠨᠢᠭᠡ ᠠᠯᠬᠤᠮ ᠳᠣᠭᠢᠷᠠᠭᠤᠯᠤᠨ ᠪᠠᠶᠢᠷᠢᠯᠠᠭᠤᠯᠵᠠᠶ᠃ |