ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠲᠡᠮᠳᠡᠭ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠨᠡᠨᠬᠦ ᠴᠢᠩᠭᠠᠳᠬᠠᠵᠤ᠂ ᠲᠥᠷᠥᠯ ᠲᠡᠮᠳᠡᠭ ᠢ ᠪᠤᠶᠢᠵᠢᠭᠤᠯᠵᠤ | ᠡᠭᠦᠳᠦᠨ ᠪᠠᠶᠢᠭᠤᠯᠬᠤ ᠠᠵᠢᠯ ᠤᠨ ᠪᠠᠶᠢᠩᠭᠤ ᠪᠦᠲᠦᠮᠵᠢᠳᠤ ᠲᠣᠭᠲᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢᠨ ᠭᠤᠤᠯ ᠴᠣᠭᠴᠠ ᠪᠣᠯᠬᠤ ᠬᠥᠯᠥᠨ ᠪᠤᠶᠢᠷ ᠤᠨ ᠲᠠᠷᠢᠶᠠᠯᠠᠩ ᠮᠠᠯ ᠠᠵᠤ ᠠᠬᠤᠶ ᠶᠢᠨ ᠪᠠᠯᠠ | ᠤᠷᠤᠭᠤᠯᠤᠯᠳᠠ ᠶᠢᠨ ᠬᠦᠭᠵᠢᠬᠦᠯᠦᠯᠳᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠲᠦᠰᠢᠭᠯᠡᠨ᠂ ᠲᠥᠷᠥᠯ ᠲᠡᠮᠳᠡᠭ ᠤᠨ ᠡᠵᠡᠩᠨᠡᠯᠲᠡ ᠪᠠ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ ᠨᠢ ᠬᠤᠲᠠ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ | ᠲᠣᠭᠲᠠᠴᠠ ᠪᠠᠷ ᠯᠠᠪᠯᠠᠯᠲᠠ ᠪᠣᠯᠭᠠᠵᠤ᠂ ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠲᠣᠰ ᠭᠠᠵᠠᠷ ᠣᠷᠣᠨ ᠤ ᠲᠥᠷᠥᠯ | ᠲᠡᠮᠳᠡᠭ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠤᠬᠢᠴᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠬᠤᠲᠠ ᠶᠢᠨ | ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠂ ᠳᠤᠤᠷ᠎ᠠ ᠴᠥᠮ ᠡᠯ᠎ᠡ | ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠂ ᠳᠠᠭᠢᠵᠤ ᠵᠢᠭᠰᠠᠭᠠᠬᠤ ᠥᠬᠡᠶ︶᠃ | ︵ᠬᠤᠶᠠᠷ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠦᠭᠵᠢᠯᠳᠡ ᠶᠢ ᠱᠠᠲᠤᠯᠢᠭ ᠢᠶᠠᠷ ᠪᠤᠶᠢᠵᠢᠭᠤᠯᠤᠨ᠎ᠡ᠃ ᠡᠬᠢ | ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠤᠤᠯᠯᠠᠬᠤ ᠠᠵᠤ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠯᠥᠨ ᠪᠤᠶᠢᠷ ᠬᠤᠲᠠ ᠶᠢᠨ 8 ᠲᠣᠮᠣ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠲᠠᠢ ᠨᠢᠭᠲᠠ ᠤᠶᠠᠯᠳᠤᠭᠤᠯᠤᠨ᠂ | ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠠᠷ᠎ᠠ ᠳᠠᠯᠳᠠᠤ᠂ ᠦᠨᠢᠶᠡᠨ ᠰᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭ ᠢᠶᠠᠷ ᠳᠠᠭᠠᠭᠤᠯᠤᠭᠴᠢ ᠲᠥᠷᠥᠯ ᠲᠡᠮᠳᠡᠭ ᠪᠣᠯᠭᠠᠵᠤ᠂ ᠬᠥᠯᠥᠨ ᠪᠤᠶᠢᠷ ᠤᠨ ᠦᠬᠡᠷ ᠤᠨ ᠮᠢᠬ᠎ᠠ᠂ ᠲᠥᠮᠥᠰᠥ᠂ ᠭᠠᠶᠢᠮᠤ ᠶᠢᠨ ᠲᠣᠰᠣ᠂ ᠬᠥᠬᠡ ᠵᠢᠮᠢᠰᠭᠡᠨ᠎ᠡ᠂ | ᠰᠢᠷ᠎ᠠ ᠪᠤᠷᠴᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠦᠴᠦᠯᠡᠨ ᠪᠣᠶ ᠪᠣᠯᠭᠠᠨ᠎ᠠ᠃ ᠨᠢᠭᠡ ᠳᠤ ᠬᠥᠯᠥᠨ ᠪᠤᠶᠢᠷ ᠤᠨ ᠲᠠᠯ᠎ᠠ | ᠨᠤᠲᠤᠭ ᠤᠨ ᠬᠤᠨᠢᠨ ᠮᠢᠬ᠎ᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠪᠠᠷᠭᠤ | ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤᠨ ᠤ | ᠮᠠᠯᠵᠢᠬᠤ ᠳᠥᠷᠪᠡᠨ ᠬᠤᠰᠢᠭᠤᠨ ᠤ ᠮᠢᠬᠠᠨ ᠤ ᠬᠤᠨᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠡᠳ᠋ᠰᠢᠭᠦᠯᠵᠦ ᠪᠣᠯᠪᠠᠰᠤᠷᠠᠭᠤᠯᠬᠤ ᠬᠥᠲᠥᠴᠢ ᠠᠵᠤ | ᠠᠬᠤᠶᠢᠯᠠᠯ ᠳᠤ ᠲᠦᠰᠢᠭᠯᠡᠨ᠂ ᠠᠵᠢᠯᠯᠠᠭᠤᠯᠤᠨ ᠬᠠᠮᠢᠶᠠᠷᠬᠤ ᠶᠢ ᠴᠢᠩᠭᠠᠷᠠᠭᠤᠯᠵᠤ᠂ ᠴᠢᠨᠠᠷ ᠳᠡᠰ ᠢ ᠳᠡᠭᠡᠭᠰᠢᠯᠡᠭᠦᠯᠦᠨ᠂ ᠣᠭ ᠦᠨᠳᠦᠰᠦ ᠶᠢ ᠨᠢ ᠮᠦᠷᠳᠡᠬᠦ ᠬᠢᠨᠠᠨ | ᠬᠠᠮᠢᠶᠠᠷᠬᠤ ᠲᠤᠭᠲᠠᠯᠴᠠᠭ᠎ᠠ ᠶᠢ ᠪᠦᠷᠢᠨᠰᠢᠬᠦᠯᠵᠦ᠂ ᠮᠡᠳᠡᠯᠭᠡ ᠶᠢᠨ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠨ᠂ ᠲᠥᠷᠥᠯ ᠲᠡᠮᠳᠡᠭ ᠤᠨ | ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠥᠷᠥᠯ ᠲᠡᠮᠳᠡᠭ ᠤᠨ ᠤᠬᠠᠭᠤᠯᠤᠨ ᠲᠠᠨᠢᠯᠴᠠᠭᠤᠯᠬᠤ ᠶᠢ ᠪᠥᠬᠦ ᠬᠦᠴᠦᠨ ᠢᠶᠠᠷ ᠥᠷᠨᠢᠭᠦᠯᠦᠨ᠂ ᠣᠯᠠᠨ ᠵᠠᠮ | ᠮᠥᠷ ᠢᠶᠠᠷ ᠡᠵᠡᠩᠨᠡᠨ ᠪᠣᠷᠣᠯᠠᠭᠤᠯᠬᠤ ᠲᠤᠭᠲᠠᠯᠴᠠᠭ᠎ᠠ ᠶᠢ ᠪᠠᠶᠢᠭᠤᠯᠤᠨ᠎ᠠ᠃ ᠬᠤᠶᠠᠷ ᠲᠤ᠂ ᠬᠥᠯᠥᠨ ᠪᠤᠶᠢᠷ ᠤᠨ ᠬᠠᠷ᠎ᠠ ᠳᠡᠯᠳᠡᠦ ᠶᠢᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠣᠶ ᠪᠣᠯᠭᠠᠵᠤ᠂ ᠵᠠᠯᠠᠨ ᠠᠶᠢᠯ ᠤᠨ ᠬᠠᠷ᠎ᠠ ᠳᠡᠯᠳᠡᠦ ᠨᠢ ᠧᠦ᠋ᠷᠣᠫᠠ ᠶᠢᠨ ᠬᠤᠯᠪᠣᠭ᠎ᠠ ᠶᠢᠨ ᠠᠩᠬᠠᠨ ᠤ ᠪᠦᠯᠦᠭ | ᠳᠤᠮᠳᠠᠳᠤ ᠤᠯᠤᠰ ᠤᠨ ᠭᠠᠵᠠᠷ ᠵᠦᠶ ᠶᠢᠨ ᠲᠡᠮᠳᠡᠭᠲᠦ 100 ᠪᠦᠲᠦᠭᠡᠭᠳᠡᠬᠦᠨ ᠤ ᠬᠠᠮᠠᠭᠠᠯᠠᠯ ᠳᠤ ᠤᠷᠤᠭᠰᠠᠨ ᠠᠰᠢᠭᠲᠠᠶ ᠠᠵᠠ ᠲᠣᠬᠢᠶᠠᠯ ᠤᠨ ᠲᠣᠭᠤᠷᠢᠨ ᠳᠤ᠂ | ᠵᠠᠯᠠᠨ ᠠᠶᠢᠯ ᠬᠤᠲᠠ᠂ ᠠᠷᠤᠨ ᠬᠤᠰᠢᠭᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ | ᠬᠤᠰᠢᠭᠤ᠂ ᠬᠡᠭᠡᠨ ᠭᠤᠤᠯ ᠬᠤᠲᠠ ᠵᠡᠷᠭᠡ ᠭᠤᠤᠯᠳᠠᠯᠭ᠎ᠠ ᠲᠠᠢ ᠬᠤᠰᠢᠭᠤ ᠬᠤᠲᠠ ᠶᠢᠨ ᠬᠠᠷ᠎ᠠ ᠳᠡᠯᠳᠡᠦ ᠶᠢᠨ ᠲᠠᠷᠢᠮᠠᠯ ᠤᠨ ᠰᠠᠭᠤᠷᠢᠨ ᠭᠠᠵᠠᠷ ᠪᠠ ᠬᠥᠲᠥᠴᠢ ᠠᠵᠤ | ᠠᠬᠤᠶᠢᠯᠠᠯ ᠳᠤ ᠲᠦᠰᠢᠭᠯᠡᠨ᠂ ᠲᠥᠷᠥᠯ ᠲᠡᠮᠳᠡᠭ ᠤᠨ ᠡᠵᠡᠩᠨᠡᠯᠲᠡ ᠪᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷ᠎ᠠ ᠳᠡᠯᠳᠡᠦ ᠶᠢᠨ ᠲᠥᠷᠥᠯ | ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠤᠭᠲᠠᠭᠠᠨ᠂ ᠪᠣᠬᠢᠷᠲᠤᠯ ᠥᠬᠡᠶ᠂ ᠣᠷᠭᠠᠨᠢᠭ᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ | ᠪᠦᠲᠦᠭᠡᠭᠳᠡᠬᠦᠨ ᠢ ᠮᠠᠭᠠᠳᠯᠠᠨ ᠲᠣᠭᠲᠠᠭᠠᠬᠤ ᠪᠠ ᠲᠠᠸᠠᠷ ᠤᠨ ᠳᠠᠩᠰᠠᠯᠠᠯ ᠢ ᠨᠡᠮᠡᠭᠳᠡᠬᠦᠯᠵᠦ᠂ ᠪᠤᠷᠤᠯᠠᠭᠤᠯᠭ᠎ᠠ ᠶᠢᠨ ᠠᠷᠭ᠎ᠠ ᠵᠠᠮ ᠢ ᠢᠳᠡᠪᠬᠢᠳᠡᠢ ᠦᠷᠭᠡᠤᠡᠭᠡᠨᠠ᠃ | ᠭᠤᠷᠪᠠ ᠳᠤ᠂ ᠬᠥᠯᠥᠨ ᠪᠤᠶᠢᠷ ᠤᠨ ᠦᠨᠢᠶᠡᠨ ᠰᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠣᠶ ᠪᠣᠯᠭᠠᠵᠤ᠂ ᠰᠦᠨ ᠤ | ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠢ ᠣᠷᠭᠠᠨᠢᠭ ᠴᠠᠭᠠᠨ ᠢᠳᠡᠭᠡᠨ ᠤ ᠲᠥᠷᠥᠯ ᠵᠦᠢᠯ ᠤᠨ ᠳᠠᠶᠢᠴᠢᠯᠠᠯᠲᠠ ᠪᠠᠷ | ᠳᠠᠮᠵᠢᠭᠤᠯᠤᠨ᠂ ᠠᠷᠤᠨ ᠬᠤᠰᠢᠭᠤ᠂ ᠵᠠᠯᠠᠨ ᠠᠶᠢᠯ ᠬᠤᠲᠠ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ | ᠥᠪᠡᠷᠲᠡᠭᠡᠨ ᠵᠠᠰᠠᠬᠤ ᠬᠤᠰᠢᠭᠤ ᠵᠢᠴᠢ ᠲᠡᠭᠦᠨ ᠤ ᠬᠡᠪᠴᠢᠶᠡᠨ ᠳᠠᠬᠢ ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠳᠤ ᠬᠠᠷᠢᠶᠠᠯᠠᠭᠳᠠᠬᠤ | ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠳᠠᠪᠠᠭᠠᠨ ᠤ ᠵᠡᠬᠦᠨᠳᠡᠬᠢ ᠰᠦᠨ ᠤ ᠢᠷᠡᠯᠲᠡ ᠶᠢᠨ ᠰᠠᠭᠤᠷᠢᠨ ᠭᠠᠵᠠᠷ ᠲᠤ ᠲᠦᠰᠢᠭᠯᠡᠨ᠂ ᠬᠥᠯᠥᠨ | ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠵᠡᠷᠭᠡ ᠴᠠᠭᠠᠨ ᠢᠳᠡᠭᠡᠨ ᠤ ᠬᠥᠲᠥᠴᠢ ᠠᠵᠤ ᠠᠬᠤᠶᠢᠯᠠᠯ ᠳᠤ ᠲᠥᠷᠥᠯ ᠲᠡᠮᠳᠡᠭᠲᠦ ᠶᠢ ᠬᠡᠷᠡᠭᠯᠡᠭᠦᠯᠬᠦ ᠡᠷᠬᠡ | ᠣᠯᠭᠤᠬᠤ ᠶᠢ ᠳᠡᠮᠵᠢᠵᠦ᠂ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂ ᠤᠬᠠᠭᠤᠯᠤᠨ ᠳᠡᠯᠭᠡᠷᠡᠭᠦᠯᠬᠦ ᠪᠠ | ᠡᠵᠡᠩᠨᠡᠨ ᠪᠣᠷᠣᠯᠠᠭᠤᠯᠬᠤ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ | ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠮᠥᠩᠭᠦᠨ | ᠭᠦᠢᠯᠭᠡᠭᠡᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ |