ᠤᠷᠴᠢᠮ ᠤᠨ ᠡᠳᠦᠷ᠂ ᠰᠢᠪᠠᠷᠳᠤ ᠪᠠᠯᠭᠠᠰᠤ ᠡᠷᠭᠢᠵᠦ ᠬᠠᠷᠠᠬᠤ ᠠᠵᠢᠯ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠡᠮᠬᠢᠯᠡᠨ ᠳᠢᠭᠯᠡᠵᠦ᠂ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠵᠦ᠂ ᠰᠢᠪᠠᠷᠳᠤ ᠪᠠᠯᠭᠠᠰᠤᠨ ᠤ ᠠᠮᠢ ᠠᠬᠤᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠬᠦ ᠪᠠᠷ ᠴᠢᠷᠮᠠᠶᠢᠪᠠ᠃ | | | | | 3 ᠰᠠᠷ᠎ᠠ ᠶᠢᠨ 7 ᠤ ᠡᠳᠦᠷ ᠠᠴᠠ 8 ᠤ ᠡᠳᠦᠷ ᠪᠤᠯᠳᠡᠯ᠎ᠡ ᠰᠢᠪᠠᠷᠳᠤ ᠪᠠᠯᠭᠠᠰᠤᠨ ᠤ ᠳᠡᠳ᠋ ᠪᠠᠯᠭᠠᠰᠤᠨ ᠤ ᠳᠠᠷᠤᠭ᠎ᠠ ᠧ ᠼᠠᠢ ᠱᠧᠩ ᠨᠥᠬᠦᠷ ᠵᠢᠴᠢ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠭᠤᠴᠠᠯᠭᠠᠲᠠᠨ ᠯᠢ ᠶᠢᠩ ᠵᠢᠶᠦ᠋ᠨ ᠨᠥᠬᠦᠷ ᠬᠤᠲᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠵᠢᠴᠢ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠳᠤ ᠪᠠᠷ᠎ᠠ ᠪᠣᠯᠵᠤ ᠰᠢᠪᠠᠷᠳᠤ | ᠪᠠᠯᠭᠠᠰᠤᠨ ᠤ ︽ᠣᠶ ᠰᠢᠭᠤᠶ ᠡᠪᠡᠰᠦ ᠪᠡᠯᠴᠢᠭᠡᠷ ᠢ ᠲᠤᠰᠬᠠᠶᠢᠯᠠᠨ ᠴᠡᠭᠴᠡᠯᠡᠨ ᠵᠠᠰᠠᠬᠤ︾ ᠭᠠᠵᠠᠷ ᠤᠨ ᠬᠡᠰᠡᠭ ᠵᠢᠴᠢ ᠪᠤᠴᠠᠯᠭᠠᠭᠤᠷ ᠴᠢᠯᠠᠭᠤᠨ ᠠᠭᠤᠷᠬᠠᠶ᠂ | ᠰᠤᠪᠤᠳᠯᠢᠭ ᠴᠢᠯᠠᠭᠤᠯᠢᠭ ᠤᠨ ᠠᠭᠤᠷᠬᠠᠶ ᠵᠡᠷᠭᠡ ᠠᠭᠤᠷᠬᠠᠶ ᠶᠢᠨ ᠲᠠᠯᠠᠪᠠᠶ ᠶᠢᠨ ᠲᠥᠷᠥᠯ ᠤᠨ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠢ ᠰᠡᠷᠭᠦᠭᠡᠭᠰᠡᠨ ᠪᠠᠶᠢᠳᠠᠯ᠂ | ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠥᠬᠦᠵᠦ ᠤᠷᠭᠤᠭᠤᠯᠤᠭᠰᠠᠨ ᠪᠠᠶᠢᠳᠠᠯ ᠵᠢᠴᠢ ᠭᠤᠤᠯ ᠤᠨ ᠵᠠᠮ ᠤᠨ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | | | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠵᠢᠴᠢ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠤᠨ ᠤᠳᠤᠷᠢᠳᠤᠯᠭ᠎ᠠ ᠰᠢᠪᠠᠷᠳᠤ ᠪᠠᠯᠭᠠᠰᠤᠨ ᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠪᠣᠯᠪᠠᠴᠤ ᠲᠡᠭᠦᠨ ᠤ ᠳᠣᠲᠣᠷᠠᠬᠢ ᠬᠦᠷᠦᠯᠴᠡᠬᠦ | ᠦᠭᠡᠢ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠰᠢᠪᠠᠷᠳᠤ ᠪᠠᠯᠭᠠᠰᠤᠨ ᠤ ᠳᠠᠷᠠᠭᠠᠴᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ | ᠴᠢᠷᠮᠠᠶᠢᠬᠤ ᠴᠢᠭᠯᠡᠯ ᠢ ᠵᠢᠭᠠᠵᠤ ᠥᠭᠴᠡᠢ᠃ | | | ᠲᠣᠰ ᠤᠳᠠᠭᠠᠨ ᠤ ᠰᠢᠪᠠᠳᠠᠨ ᠵᠢᠯᠣᠭᠤᠳᠴᠤ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠨᠢ᠄ ᠣᠲᠣ ᠶᠠᠭ ᠰᠠᠶᠢᠬᠠᠨ ᠬᠠᠪᠤᠷ ᠤᠨ ᠤᠷᠢᠨ ᠳᠤᠯᠠᠭᠠᠨ | ᠴᠡᠴᠡᠭ ᠳᠡᠯᠭᠡᠷᠡᠬᠦ ᠤᠯᠠᠷᠢᠯ ᠪᠣᠯᠵᠣ᠂ ᠮᠥᠰᠥ ᠬᠠᠶᠢᠯᠵᠤ᠂ ᠭᠤᠤᠯ ᠤᠨ ᠵᠠᠮ ᠳᠤ ᠬᠤᠭ ᠨᠣᠪᠰᠢ ᠢᠯᠡᠷᠡᠨ᠂ ᠬᠥᠯᠳᠡᠭᠰᠡᠨ ᠬᠤᠭ ᠨᠣᠪᠰᠢ ᠬᠠᠶᠢᠯᠵᠤ᠂ ᠬᠡᠰᠡᠭ | ᠲᠣᠰᠬᠤᠨ ᠤ ᠠᠮᠢᠳᠤᠷᠠᠯ ᠤᠨ ᠬᠤᠭ ᠨᠣᠪᠰᠢ ᠲᠣᠰᠬᠤᠨ ᠤ ᠵᠠᠬ᠎ᠠ ᠳᠤ ᠣᠪᠣᠭᠠᠷᠠᠵᠤ᠂ ᠲᠣᠰᠬᠤᠨ ᠤ ᠳᠦᠷᠰᠦ ᠪᠠᠶᠢᠳᠠᠯ᠂ ᠵᠡᠭᠡᠯᠢ ᠭᠤᠳᠤᠮᠵᠢ ᠵᠢᠴᠢ ᠭᠤᠤᠯ ᠤᠨ | ᠵᠠᠮ ᠤᠨ ᠣᠷᠴᠢᠨ ᠲᠣᠭᠤᠷᠢᠨ ᠢ ᠨᠥᠯᠥᠭᠡᠯᠡᠵᠦ ᠪᠠᠶᠢᠨ᠎ᠠ᠃ ᠰᠢᠪᠠᠷᠳᠤ ᠪᠠᠯᠭᠠᠰᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠬᠠᠮᠠᠭᠠᠯᠠᠵᠤ᠂ | ᠪᠠᠶᠢᠴᠠᠭᠠᠯᠲᠠ ᠶᠢ ᠤᠭᠲᠤᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠡᠯ᠎ᠡ ᠲᠣᠰᠬᠤᠨ ᠤ ᠬᠢᠨ ᠵᠡᠭᠡᠯᠢ ᠭᠤᠳᠤᠮᠵᠢ ᠵᠢᠴᠢ | ᠭᠤᠤᠯ ᠤᠨ ᠵᠠᠮ ᠤᠨ ᠬᠤᠭ ᠨᠣᠪᠰᠢ ᠶᠢ ᠴᠡᠪᠡᠷᠯᠡᠬᠦ ᠠᠵᠢᠯ ᠢ ᠵᠣᠬᠢᠶᠠᠨ ᠪᠠᠶᠢᠭᠤᠯᠵᠤ ᠬᠢᠭᠰᠡᠨ ᠪᠠᠶᠢᠨ᠎ᠠ᠃ | | | ᠲᠣᠰ ᠤᠳᠠᠭᠠᠨ ᠤ ᠪᠠᠶᠢᠴᠠᠭᠠᠯᠲᠠ ᠶᠢ ᠤᠭᠲᠤᠬᠤ ᠠᠵᠢᠯ ᠨᠢ ᠰᠢᠪᠠᠷᠳᠤ ᠪᠠᠯᠭᠠᠰᠤᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ | ᠠᠵᠢᠯ ᠤᠨ ᠦᠷ᠎ᠡ ᠪᠦᠲᠦᠮᠵᠢ ᠶᠢ ᠨᠠᠩ ᠰᠠᠶᠢᠨ ᠰᠢᠯᠭᠠᠨ ᠪᠠᠶᠢᠴᠠᠭᠠᠵᠤ᠂ ᠬᠤᠶᠢᠰᠢᠳᠠ ᠲᠡᠭᠡᠷ᠎ᠡ ᠱᠠᠳᠤ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠲᠠ ᠶᠢ ᠤᠭᠲᠤᠬᠤ ᠳᠤ ᠰᠠᠭᠤᠷᠢ ᠲᠠᠯᠪᠢᠵᠤ ᠥᠭᠭᠦᠭᠰᠡᠨ ᠪᠥᠭᠡᠳ ᠰᠢᠪᠠᠷᠳᠤ ᠪᠠᠯᠭᠠᠰᠤ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠲᠠᠰᠤᠷᠠᠯᠲᠠ ᠥᠬᠡᠶ ᠤᠷᠤᠭᠰᠢᠯᠠᠬᠤ ᠶᠢ ᠤᠯᠠᠮ ᠨᠢᠭᠡ ᠠᠯᠬᠤᠮ | ᠳᠥᠯᠭᠢᠨ ᠠᠬᠢᠭᠤᠯᠵᠤ᠂ ᠠᠮᠢ ᠠᠬᠤᠶᠢᠲᠤ ᠰᠢᠪᠠᠷᠳᠤ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠳᠥᠯᠭᠢᠨ | ᠠᠬᠢᠭᠤᠯᠤᠭᠰᠠᠨ ᠪᠠᠶᠢᠨ᠎ᠠ᠃ |