ᠠᠷᠪᠠ᠂ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠵᠣᠯᠭᠠᠯᠴᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ | ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠲᠥᠷᠥᠯ ᠵᠦᠢᠯ ᠤᠨ ᠨᠠᠷᠢᠨ ᠬᠠᠭᠤᠳᠠᠰᠤ ᠶᠢ ᠲᠥᠷᠥᠯ ᠬᠤᠪᠢᠶᠠᠨ ᠪᠠᠶᠢᠭᠤᠯᠵᠤ᠂ ᠴᠠᠭ | ᠲᠤᠬᠠᠶ ᠳᠤᠨᠢ ᠰᠢᠨᠡᠳᠬᠡᠵᠦ᠂ ᠮᠥᠩᠭᠦᠨ ᠭᠦᠢᠯᠭᠡᠭᠡᠨ ᠤ ᠲᠥᠷᠥᠯ ᠵᠦᠢᠯ ᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ | ᠣᠷᠣᠭᠤᠯᠬᠤ᠂ ᠬᠥᠳᠡᠭᠡ ᠲᠣᠰᠬᠤᠨ ᠳᠤ ᠪᠠᠭᠤᠯᠭᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠰᠦᠯᠵᠢᠶᠡᠨ ᠳᠡᠭᠡᠷ᠎ᠡ ᠪᠠᠯᠠ ᠲᠣᠬᠢᠷᠠᠭᠤᠯᠤᠨ ᠵᠣᠯᠭᠠᠭᠤᠯᠬᠤ᠂ | ᠰᠦᠯᠵᠢᠶᠡᠨ ᠭᠠᠳᠠᠨ᠎ᠠ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠣ ᠲᠦᠷ ᠴᠠᠭ ᠡᠵᠡᠩᠨᠡᠬᠦ ᠳᠤ ᠬᠦᠴᠢᠷᠲᠡᠶ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠤᠭᠤᠴᠠᠭ᠎ᠠ ᠬᠡᠲᠦᠷᠡᠭᠰᠡᠨ ᠢᠲᠡᠭᠡᠮᠵᠢ ᠶᠢᠨ | ᠲᠡᠮᠳᠡᠭᠯᠡᠯ ᠳᠤ ᠵᠦᠶ ᠵᠣᠬᠢᠰᠲᠠᠶ ᠲᠣᠬᠢᠷᠠᠭᠤᠯᠤᠯᠲᠠ ᠬᠢᠵᠦ ᠮᠡᠳᠡᠭᠦᠯᠦᠨ ᠬᠦᠷᠭᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠮᠥᠩᠭᠦᠨ | ᠭᠦᠢᠯᠭᠡᠭᠡᠨ ᠤ ᠠᠯᠪᠠᠨ ᠬᠡᠷ᠂ ᠠᠷᠠᠳ ᠤᠨ ᠪᠠᠩᠬᠢ ᠶᠢᠨ ᠬᠥᠯᠥᠨ ᠪᠤᠶᠢᠷ ᠬᠤᠲᠠ ᠶᠢᠨ ᠲᠥᠪ ᠰᠠᠯᠪᠤᠷᠢ ᠪᠠᠩᠬᠢ᠂ ᠬᠥᠯᠥᠨ ᠪᠤᠶᠢᠷ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶ | ᠠᠷᠪᠠᠨ ᠨᠢᠭᠡ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ ᠴᠢᠩᠭᠠᠳᠬᠠᠨ᠎ᠠ᠃ ᠪᠠᠲᠤᠯᠠᠨ ᠳᠠᠭᠠᠭᠠᠬᠤ ᠲᠦᠭᠰᠢᠭᠦᠷᠢ ᠶᠢ ᠬᠤᠪᠢᠶᠠᠨ | ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ ᠨᠡᠮᠡᠭᠳᠡᠭᠦᠯᠦᠨ᠂ ᠵᠢᠵᠢᠭ ᠠᠵᠤ ᠠᠬᠤᠶᠢᠯᠠᠯ ᠪᠣᠯᠣᠨ ᠲᠠᠷᠢᠶᠠᠯᠠᠩ ᠢ ᠳᠡᠮᠵᠢᠬᠦ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠡᠵᠡᠯᠡᠬᠦ ᠬᠠᠷᠢᠴᠠᠯ ᠢ 80% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠶ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠣᠷᠣᠭᠰᠢᠯᠠᠭᠤᠯᠵᠤ᠂ ᠭᠡᠳᠡᠷᠭᠦ ᠪᠠᠲᠤᠯᠠᠨ ᠳᠠᠭᠠᠭᠠᠬᠤ | ᠱᠠᠭᠠᠷᠳᠠᠯᠭ᠎ᠠ ᠶᠢ ᠪᠠᠭᠤᠷᠠᠭᠤᠯᠬᠤ ᠪᠠ ᠬᠦᠴᠦᠨ ᠥᠬᠡᠶ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ | ᠪᠠᠲᠤᠯᠠᠨ ᠳᠠᠭᠠᠭᠠᠬᠤ ᠰᠦᠢᠳᠬᠡᠯ ᠠᠴᠠ ᠪᠤᠰᠤᠳ ᠶᠠᠮᠠᠷᠪᠠ ᠰᠦᠢᠳᠬᠡᠯ ᠬᠤᠷᠢᠶᠠᠬᠤ ᠥᠬᠡᠶ ᠪᠠᠶᠢᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠨᠣᠷᠮ᠎ᠠ ᠶᠢ 1% ᠠᠴᠠ ᠳᠣᠷᠣᠭᠰᠢ ᠪᠠᠶᠢᠯᠭᠠᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠮᠠᠨ ᠤ ᠬᠤᠲᠠ ᠶᠢᠨ | ᠬᠡᠪᠴᠢᠶᠡᠨ ᠳᠣᠲᠣᠷᠠᠬᠢ ᠬᠡᠷᠡᠭᠰᠡᠬᠦ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ︵ᠪᠠᠭᠲᠠᠨ᠎ᠠ︶ ᠠᠴᠠ ᠳᠣᠷᠣᠭᠰᠢᠬᠢ ᠳᠠᠷᠢᠬᠤ ᠪᠤᠶᠤ ᠲᠡᠵᠢᠭᠡᠨ | ᠦᠷᠡᠵᠢᠭᠦᠯᠬᠦ ᠡᠷᠦᠬᠡ ᠳᠤ᠂ ᠪᠠᠲᠤᠯᠠᠨ ᠳᠠᠭᠠᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠠᠭᠠᠭᠠᠯᠲᠠ ᠶᠢᠨ ᠨᠣᠷᠮ᠎ᠠ ᠶᠢ ᠨᠢᠭᠡᠳᠦᠯᠲᠡᠶ ᠪᠠᠷ 0. 5% / ᠵᠢᠯ | ᠪᠣᠯᠭᠠᠨ ᠪᠠᠭᠤᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠥᠷᠥᠯ ᠢ ᠳᠠᠶᠢᠴᠢᠯᠠᠨ 0.25% / ᠵᠢᠯ ︵ᠳᠡᠭᠡᠷᠡᠬᠢ ᠰᠦᠢᠳᠬᠡᠯ ᠤᠨ ᠨᠣᠷᠮ᠎ᠠ ᠶᠢᠨ | ᠬᠠᠷᠠᠭᠠᠯᠵᠠᠯ ᠤᠨ ᠬᠤᠭᠤᠴᠠᠭ᠎ᠠ ᠨᠢ ᠴᠥᠮ ᠨᠢᠭᠡ ᠵᠢᠯ︶ ᠪᠣᠯᠭᠠᠨ ᠪᠠᠭᠤᠷᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠮᠥᠩᠭᠦᠨ | ᠭᠦᠢᠯᠭᠡᠭᠡᠨ ᠤ ᠠᠯᠪᠠᠨ ᠬᠡᠷ᠂ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ︶ | ᠠᠷᠪᠠᠨ ᠬᠤᠶᠠᠷ᠂ ᠵᠢᠭᠤᠯᠴᠢᠨ ᠳᠤ ᠦᠢᠯᠡᠴᠢᠯᠡᠬᠦ ᠭᠠᠵᠠᠷ ᠤᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠨ᠎ᠠ᠃ 2021 ᠣᠨ ᠤ 10 | ᠰᠠᠷ᠎ᠠ ᠶᠢᠨ 18 ᠤ ᠡᠳᠦᠷ ᠠᠴᠠ ᠡᠮᠦᠨ᠎ᠡ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠬᠤ ᠲᠥᠷᠥ ᠶᠢᠨ ᠪᠣᠳᠣᠯᠭ᠎ᠠ ᠶᠢ ᠨᠢᠭᠡᠨᠲᠡ ᠭᠥᠷᠳᠡᠭᠰᠡᠨ ᠵᠢᠭᠤᠯᠴᠢᠨ ᠳᠤ | ᠦᠢᠯᠡᠴᠢᠯᠡᠬᠦ ᠭᠠᠵᠠᠷ ᠨᠢ ᠲᠦᠷ ᠪᠤᠴᠠᠭᠠᠬᠤ ᠬᠠᠷᠢᠴᠠᠯ ᠢ 100% ᠪᠣᠯᠲᠠᠯ᠎ᠠ ᠳᠡᠭᠡᠭᠰᠢᠯᠡᠭᠦᠯᠬᠦ ᠪᠠᠷ ᠭᠤᠶᠤᠴᠢᠯᠠᠵᠤ ᠪᠣᠯᠤᠨ᠎ᠠ︔ 2021 ᠣᠨ ᠤ 10 ᠰᠠᠷ᠎ᠠ ᠶᠢᠨ | 19 ᠤ ᠡᠳᠦᠷ ᠠᠴᠠ 2022 ᠣᠨ ᠤ 4 ᠰᠠᠷ᠎ᠠ ᠶᠢᠨ 11 ᠤ ᠡᠳᠦᠷ ︵ᠲᠣᠰ ᠡᠳᠦᠷ ᠢ ᠪᠠᠭᠲᠠᠭᠠᠨ᠎ᠠ︶ ᠤᠨ ᠬᠤᠭᠤᠴᠠᠭᠠᠨ ᠳᠤ ᠨᠢᠭᠡᠨᠲᠡ ᠬᠠᠤᠯᠢ ᠶᠣᠰᠣᠭᠠᠷ | ᠪᠠᠲᠤᠯᠠᠭ᠎ᠠ ᠶᠢᠨ ᠮᠥᠩᠭᠦ ᠲᠤᠰᠢᠶᠠᠵᠤ᠂ ᠵᠢᠭᠤᠯᠴᠢᠨ ᠳᠤ ᠦᠢᠯᠡᠴᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠠᠪᠤᠭᠰᠠᠨ | ᠵᠢᠭᠤᠯᠴᠢᠨ ᠳᠤ ᠦᠢᠯᠡᠴᠢᠯᠡᠬᠦ ᠭᠠᠵᠠᠷ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠯᠭᠠᠬᠤ ᠭᠤᠶᠤᠴᠢᠯᠠᠯ ᠭᠠᠷᠭᠠᠭᠰᠠᠨ ᠪᠠᠶᠢᠪᠠᠯ᠂ ᠲᠦᠷ ᠪᠤᠴᠠᠭᠠᠬᠤ ᠪᠠᠷᠢᠮᠵᠢᠶ᠎ᠠ ᠨᠢ | ᠲᠤᠰᠢᠶᠠᠬᠤ ᠶᠣᠰᠣᠲᠠᠶ ᠲᠣᠭᠠᠨ ᠤ 100% ᠪᠠᠶᠢᠵᠤ ᠪᠣᠯᠤᠨ᠎ᠠ︔ 2022 ᠣᠨ ᠤ 4 ᠰᠠᠷ᠎ᠠ ᠶᠢᠨ 12 ᠤᠨ ᠡᠳᠦᠷ ︵ᠲᠣᠰ ᠡᠳᠦᠷ ᠢ ᠪᠠᠭᠲᠠᠭᠠᠨ᠎ᠠ︶ ᠠᠴᠠ | ᠰᠡᠭᠦᠯᠡᠷ ᠵᠢᠭᠤᠯᠴᠢᠨ ᠳᠤ ᠦᠢᠯᠡᠴᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠣᠯᠤᠭᠰᠠᠨ ᠵᠢᠭᠤᠯᠴᠢᠨ ᠳᠤ | ᠦᠢᠯᠡᠴᠢᠯᠡᠬᠦ ᠭᠠᠵᠠᠷ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠲᠦᠷ ᠬᠤᠶᠢᠰᠢᠯᠠᠭᠤᠯᠬᠤ ᠪᠠᠷ ᠭᠤᠶᠤᠴᠢᠯᠠᠵᠤ ᠪᠣᠯᠤᠨ᠎ᠠ︔ ᠪᠠᠲᠤᠯᠠᠭ᠎ᠠ ᠶᠢᠨ ᠮᠥᠩᠭᠦ ᠶᠢ ᠨᠥᠬᠦᠵᠦ | ᠭᠦᠢᠴᠡᠳᠬᠡᠬᠦ ᠬᠤᠭᠤᠴᠠᠭ᠎ᠠ ᠨᠢ ᠴᠥᠮ 2023 ᠣᠨ ᠤ 3 ᠰᠠᠷ᠎ᠠ ᠶᠢᠨ 31 ᠤ ᠡᠳᠦᠷ ᠪᠣᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | |