2023 ᠣᠨ ᠤ ᠵᠠᠰᠠᠭ ᠤᠨ ᠣᠷᠳᠣᠨ ᠤ ᠠᠵᠢᠯ ᠤᠨ ᠬᠠᠷᠠᠯᠲᠠ ᠱᠠᠭᠠᠷᠳᠠᠯᠭ᠎ᠠ ᠪᠠ ᠭᠤᠣᠯ ᠡᠭᠦᠷᠭᠡ ︵ᠬᠤᠶᠠᠷ︶
ᠨᠡᠶᠢᠲᠡᠯᠡᠭᠰᠡᠨ ᠴᠠᠭ᠄
2023/7/28
      ︵ᠬᠤᠶᠠᠷ︶ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ᠎ᠡ᠃ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ ᠪᠣᠯᠭᠠᠬᠤ ᠶᠢ ᠪᠠᠷᠢᠮᠲᠠᠯᠠᠵᠤ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠬᠦᠴᠦᠷᠬᠡᠭᠵᠢᠭᠦᠯᠵᠦ᠂ ᠨᠡᠩ ᠤᠯᠠᠨ ᠭᠤᠣᠯᠯᠠᠭᠴᠢ ᠦᠷᠢᠰᠦᠯᠳᠦᠬᠦ ᠬᠦᠴᠦᠨ ᠲᠠᠢ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ᠎ᠠ᠃      ᠤᠯᠠᠮᠵᠢᠯᠠᠯᠲᠤ ᠠᠵᠤ ᠦᠢᠯᠡᠰ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ ᠶᠢᠨ ᠬᠡᠮᠵᠢᠶ᠎ᠡ ᠶᠢ ᠨᠡᠮᠡᠭᠳᠡᠭᠦᠯᠵᠦ ᠶᠠᠰᠤ ᠴᠢᠨᠠᠷ ᠢ ᠨᠡᠮᠡᠭᠳᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃ 35 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ᠂ 280 ᠲᠦᠮᠡᠨ ᠮᠥ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠲᠥᠷᠥᠯ ᠵᠦᠶ᠋ᠯ ᠪᠠ 1 . 2 ᠲᠦᠮᠡᠨ ᠮᠥ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠶ᠋ᠯ ᠢ ᠴᠢᠨᠠᠷ ᠰᠠᠶᠢᠲᠠᠶ ᠳᠥᠯᠭᠢᠨ ᠠᠬᠢᠭᠤᠯᠤᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠪᠥᠬᠦ ᠬᠤᠰᠢᠭᠤᠨ ᠤ ᠠᠮᠤ ᠪᠤᠳᠠᠭ᠎ᠠ ᠳᠠᠷᠢᠬᠤ ᠲᠠᠯᠠᠪᠠᠶ ᠶᠢ 753 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠳᠠᠷᠢᠬᠤ ᠲᠠᠯᠠᠪᠠᠶ ᠶᠢ 525 . 13 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 38 . 3 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠪᠠ ᠦᠵᠦᠭᠦᠷ ᠤᠨ ᠪᠣᠷᠣᠯᠠᠭᠤᠯᠭ᠎ᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠮᠣᠷᠢᠨ ᠳᠠᠪᠠᠭ᠎ᠠ ᠶᠢᠨ ᠣᠨᠴᠠᠯᠢᠭ ᠪᠦᠬᠦᠢ ᠳᠠᠪᠠᠭᠤᠯᠢᠭ ᠲᠠᠢ᠂ ᠠᠵᠢᠯ ᠲᠥᠷᠥᠯ ᠤᠨ ᠲᠥᠪᠯᠡᠷᠡᠯ ᠤᠨ ᠬᠡᠮᠵᠢᠶ᠎ᠡ ᠪᠠᠷ ᠥᠨᠳᠥᠷ᠂ ᠲᠦᠷᠦᠯ ᠲᠡᠮᠳᠡᠭ ᠤᠨ ᠨᠥᠯᠥᠭᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠤᠷᠲᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠷ ᠴᠢᠩᠭ᠎ᠠ ᠪᠦᠬᠦᠢ ᠨᠢᠭᠡ ᠪᠦᠯᠦᠭ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠭᠰᠠᠨ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠵᠤ ᠢᠷᠡᠬᠦ ᠪᠠ ᠪᠤᠶᠢᠵᠢᠭᠤᠯᠬᠤ ᠬᠡᠷᠡᠭᠲᠡᠶ᠃ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠥᠨᠳᠥᠷ ᠪᠠᠷᠢᠮᠵᠢᠶᠠᠲᠤ ᠠᠮᠢᠳᠤ ᠭᠠᠭ᠋ᠠᠶ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠠᠬᠢᠭᠤᠯᠵᠤ᠂ ᠠᠮᠢᠳᠤ ᠭᠠᠭ᠋ᠠᠶ ᠲᠡᠵᠢᠭᠡᠨ ᠦᠷᠡᠵᠢᠭᠦᠯᠬᠦ᠂ ᠨᠢᠲᠤᠯᠬᠤ᠂ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ᠎ᠠ᠃      ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠣᠷᠣᠨ ᠵᠠᠢ ᠶᠢ ᠥᠷᠭᠡᠳᠬᠡᠨ᠎ᠡ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠲᠡᠦᠬᠡᠨ ᠠᠵᠠ ᠲᠣᠬᠢᠶᠠᠯ ᠢ ᠠᠮᠵᠢᠵᠤ᠂ 5 G᠂ ᠡᠨᠧᠷᠭᠢ ᠶᠢᠨ ᠠᠵᠤ ᠦᠢᠯᠡᠰ᠂ ᠲᠤᠮᠤ ᠳ᠋ᠠᠶᠢᠲ᠋ᠠ ᠪᠠᠷ ᠲᠥᠯᠥᠭᠡᠯᠡᠭᠦᠯᠦᠭᠰᠡᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠠᠵᠤ ᠦᠢᠯᠡᠰ ᠤᠨ ᠵᠠᠭᠠᠭ ᠢ ᠡᠪᠳᠡᠵᠦ᠂ ᠲᠠᠷᠢᠶᠠᠯᠠᠩ ᠬᠢᠭᠡᠳ ᠠᠵᠤ ᠦᠢᠯᠡᠳᠪᠦᠷᠢ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠵᠦᠩ ᠾᠧ ᠬᠤᠢ ᠨᠧᠩ ᠬᠢᠵᠠᠭᠠᠷᠲᠤ ᠺᠣᠮᠫᠠᠨᠢ ᠶᠢᠨ 7 . 42 ᠰᠠᠶ᠎ᠠ ᠸᠠᠲ ᠲᠠᠷᠬᠠᠯᠲᠠ ᠶᠢᠨ ᠬᠡᠯᠪᠡᠷᠢ ᠶᠢᠨ ᠭᠡᠷᠡᠯ ᠢᠶᠠᠷ ᠴᠠᠬᠢᠯᠭᠠᠨ ᠭᠠᠷᠭᠠᠬᠤ᠂ ᠬᠤᠸᠠ ᠨᠧᠩ 20 ᠲᠦᠮᠡᠨ ᠭᠡᠷᠡᠯ ᠢᠶᠠᠷ ᠴᠠᠬᠢᠯᠭᠠᠨ ᠭᠠᠷᠭᠠᠬᠤ ᠵᠢᠴᠢ 30 ᠲᠦᠮᠡᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠢᠵᠢ ᠪᠦᠷᠢᠳᠦᠭᠰᠡᠨ ᠴᠠᠬᠢᠯᠭᠠᠨ ᠬᠦᠷᠭᠡᠬᠦ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠶᠤᠨᠴᠢᠯᠠᠭᠰᠠᠨ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠵᠢᠴᠢ ᠬᠡᠢ ᠲᠣᠬᠢᠷᠠᠭᠤᠯᠬᠤ ᠬᠥᠮᠥᠷᠭᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠪᠠ ᠲᠠᠷᠢᠶᠠᠴᠢᠨ ᠡᠷᠦᠬᠡ ᠶᠢ ᠨᠡᠪᠲᠡᠷᠡᠯᠴᠡᠭᠦᠯᠬᠦ ᠬᠥᠭᠦᠷᠭᠡ ᠶᠢ ᠪᠠᠶᠢᠭᠤᠯᠵᠤ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ︽ᠬᠠᠮᠤᠭ ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠦᠨ᠎ᠡ᠃      ᠴᠤᠤᠶᠠᠩ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠦᠶ᠋ᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠦᠶ᠋ᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠵᠤ᠂ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡᠨ᠂ ᠣᠲᠣ ᠦᠶ᠎ᠡ ᠶᠢᠨ ᠮᠥᠩᠭᠦᠨ ᠭᠦᠶ᠋ᠯᠭᠡᠭᠡᠨ᠂ ᠵᠠᠭᠤᠴᠢ ᠦᠶ᠋ᠯᠡᠴᠢᠯᠡᠭᠡᠨ ᠵᠡᠷᠭᠡ ᠦᠶ᠋ᠯᠡᠳᠪᠦᠷᠢᠯᠡᠯ ᠤᠨ ᠴᠢᠨᠠᠷᠲᠠᠶ ᠦᠶ᠋ᠯᠡᠴᠢᠯᠡᠭᠡᠨ ᠤ ᠦᠶ᠋ᠯᠡᠰ ᠢ ᠲᠤᠰᠬᠠᠶᠢᠵᠢᠭᠰᠠᠨ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠲᠠᠰ ᠳᠠᠰᠢ ᠤᠷᠲᠤᠳᠬᠠᠬᠤ ᠶᠢ ᠠᠬᠢᠭᠤᠯᠵᠤ᠂ ᠡᠷᠡᠭᠦᠯᠵᠢᠯ ᠨᠠᠰᠤᠵᠢᠯ ᠤᠨ ᠠᠰᠠᠷᠠᠮᠵᠢ᠂ ᠬᠡᠷ ᠠᠬᠤᠶ ᠶᠢᠨ ᠠᠳᠠᠯ ᠠᠬᠤᠶ᠂ ᠠᠷᠠᠯᠵᠢᠶ᠎ᠠ ᠬᠤᠳᠠᠯᠳᠤᠭ᠎ᠠ ᠶᠢᠨ ᠦᠶ᠋ᠯᠡᠴᠢᠯᠡᠭᠡᠨ ᠵᠡᠷᠭᠡ ᠠᠮᠢᠳᠤᠷᠠᠯ ᠤᠨ ᠴᠢᠨᠠᠷᠲᠠᠶ ᠦᠶ᠋ᠯᠡᠴᠢᠯᠡᠭᠡᠨ ᠤ ᠦᠶ᠋ᠯᠡᠰ ᠢ ᠴᠢᠨᠠᠷ ᠰᠠᠶᠢᠲᠠᠶ ᠪᠠ ᠣᠯᠠᠨ ᠶᠠᠩᠵᠦᠴᠢᠯᠬᠠᠰᠠᠨ ᠳᠠᠰᠢ ᠲᠠᠰ ᠳᠡᠪᠰᠢᠭᠦᠯᠬᠦ ᠶᠢ ᠠᠬᠢᠭᠤᠯᠤᠨ᠎ᠠ᠃ ︽ᠬᠢᠵᠢᠭ ᠤᠨ ᠳᠠᠷᠠᠭᠠᠬᠢ ᠴᠠᠭ ᠦᠶ᠎ᠡ︾ ᠶᠢᠨ ᠠᠰᠢᠭᠲᠠᠶ ᠴᠠᠭ ᠲᠣᠬᠢᠶᠠᠯ ᠢ ᠣᠨᠣᠪᠴᠢᠲᠠᠶ ᠡᠵᠡᠮᠳᠡᠵᠦ᠂ ᠪᠥᠬᠦ ᠤᠯᠤᠰ ᠲᠤ ᠠᠯᠳᠠᠷᠰᠢᠭᠰᠠᠨ ᠳᠠᠭᠤᠷ ᠦᠨᠳᠦᠰᠦᠲᠡᠨ ᠤ ᠵᠠᠩ ᠦᠶ᠋ᠯᠡ ᠶᠢᠨ ᠰᠣᠶᠣᠯ ᠵᠢᠭᠤᠯᠴᠢᠯᠠᠯ ᠤᠨ ᠦᠵᠡᠮᠵᠢᠲᠦ ᠣᠷᠣᠨ ᠢ ᠪᠣᠶ ᠪᠣᠯᠭᠠᠨ᠎ᠠ᠃ ᠭᠠᠵᠠᠷ ᠣᠷᠣᠨ᠂ ᠠᠷᠠᠳ ᠤᠨ ᠵᠠᠩ ᠦᠢᠯᠡ᠂ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠣᠷᠣᠨ ᠪᠦᠰᠡ ᠪᠦᠬᠦ ᠤᠯᠠᠷᠢᠯ ᠤᠨ ᠪᠦᠬᠦ ᠦᠢᠯᠡᠰ ᠤᠨ ᠵᠢᠭᠤᠯᠴᠢᠯᠠᠯ ᠢ ᠭᠦᠨᠵᠡᠭᠡᠢ ᠠᠬᠢᠭᠤᠯᠤᠨ᠎ᠠ︔ ︽ᠲᠩᠷᠢ᠂ ᠭᠦᠸᠧ ᠨᠢ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ︾ ᠶᠢ ᠲᠦᠷᠭᠡᠳᠬᠡᠨ ᠬᠡᠷᠡᠭᠵᠢᠭᠦᠯᠦᠨ᠎ᠡ︔ ︽ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠤᠨ ᠵᠠᠭᠤᠨ ᠺᠢᠯᠣᠮᠧᠲᠷ ᠤᠨ ᠤᠰᠤ ᠬᠠᠭᠤᠷᠠᠶ ᠶᠢᠨ ᠪᠢᠲᠡᠭᠦᠮᠵᠢᠲᠦ ᠰᠣᠳᠣᠨ ᠱᠤᠭᠤᠮ︾᠂ ︽ᠮᠣᠷᠢᠨ ᠳᠠᠪᠠᠭ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠠᠶᠠᠯᠠᠯ︾ ᠭᠡᠬᠦ ᠬᠤᠶᠠᠷ ᠰᠣᠳᠣᠨ ᠱᠤᠭᠤᠮ ᠢ ᠬᠦᠴᠦᠯᠡᠨ ᠰᠦᠪᠡᠭᠴᠢᠯᠡᠵᠦ᠂ ᠣᠨᠴᠠᠯᠢᠭᠲᠤ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠨ᠎ᠠ︔ ︽ᠪᠤᠶᠢᠺᠤ ᠪᠥᠮᠪᠦᠭᠡ ᠶᠢᠨ ᠨᠤᠲᠤᠭ︾ ᠵᠡᠷᠭᠡ ᠰᠣᠶᠣᠯ ᠵᠢᠭᠤᠯᠴᠢᠯᠠᠯ ᠤᠨ ᠳᠠᠪᠠᠭᠤᠯᠢᠭ ᠤᠨ ᠲᠣᠭᠤᠷᠢᠨ ᠳᠤ᠂ ᠭᠤᠣᠯᠳᠠᠯᠭ᠎ᠠ ᠶᠢᠨ ᠲᠣᠭᠤᠷᠢᠨ ᠳᠤ ᠤᠬᠠᠭᠠᠯᠠᠨ ᠲᠥᠯᠥᠪᠯᠡᠵᠦ ᠤᠬᠠᠭᠤᠯᠤᠨ᠎ᠠ︔ ᠳᠠᠭᠤᠷ ᠦᠨᠳᠦᠰᠦᠲᠡᠨ ᠤ ᠮᠦᠽᠧᠢ ᠶᠢᠨ ᠳᠡᠯᠭᠡᠨ ᠦᠵᠡᠭᠦᠯᠭᠡ ᠶᠢ ᠳᠡᠭᠡᠭᠰᠢᠯᠡᠭᠦᠯᠬᠦ᠂ ᠵᠠᠭᠤᠨ ᠺᠢᠯᠣᠮᠧᠳ᠋ᠷ ᠤᠨ ᠤᠰᠤ ᠬᠠᠭᠤᠷᠠᠢ ᠶᠢᠨ ᠪᠦᠬᠦ ᠤᠯᠠᠷᠢᠯ ᠤᠨ ᠵᠤᠭᠠᠴᠠᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠵᠡᠷᠭᠡ ᠲᠥᠷᠥᠯ ᠵᠦᠢᠯ ᠢ ᠪᠡᠶᠡᠯᠡᠭᠦᠯᠦᠨ᠎ᠡ᠃      ︵ᠭᠤᠷᠪᠠ︶ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠡᠨᠡ ᠬᠦ ᠨᠣᠮᠢᠨ ᠨᠣᠭᠤᠭᠠᠨ᠂ ᠡᠨᠡ ᠬᠦ ᠬᠥᠬᠡᠮᠳᠦᠭ ᠴᠡᠩᠬᠡᠷ᠂ ᠡᠨᠡ ᠬᠦ ᠠᠷᠢᠭᠤᠨ ᠴᠡᠪᠡᠷ ᠢ ᠰᠠᠶᠢᠲᠤᠷ ᠰᠠᠬᠢᠨ᠎ᠠ᠃      ᠠᠮᠢ ᠠᠬᠤᠶ ᠶᠢᠨ ᠰᠢᠰᠲ᠋ᠧᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾᠂ ︽ᠣᠢ ᠰᠢᠭᠤᠢ ᠶᠢᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠤᠨ ᠮᠥᠷᠡᠨ᠂ ᠨᠣᠮᠢᠨ ᠭᠤᠣᠯ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠣᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠪᠠ ᠵᠠᠰᠠᠨ ᠰᠡᠷᠭᠦᠭᠡᠬᠦ ᠡᠷᠴᠢᠮ ᠢ ᠨᠡᠮᠡᠭᠳᠡᠭᠦᠯᠦᠨ᠂ ᠨᠤᠨ ᠮᠥᠷᠡᠨ ᠤ ᠡᠬᠢ ᠠᠪᠤᠭᠰᠠᠨ ᠨᠢᠷᠬᠢ ᠤᠰᠤᠨ ᠴᠥᠭᠦᠷᠥᠮ ︵ᠮᠤᠷᠢᠨᠳᠠᠪᠠᠭ᠎ᠠ ᠬᠤᠰᠢᠭᠤ︶ ᠣᠨ ᠵᠠᠪᠰᠠᠷ ᠤᠨ ᠣᠷᠣᠨ ᠤ ᠠᠮᠢ ᠠᠬᠤᠢ ᠶᠢᠨ ᠬᠠᠮᠠᠭᠠᠯᠠᠯᠲᠠ ᠬᠢᠭᠡᠳ ᠵᠠᠰᠠᠨ ᠰᠡᠷᠭᠦᠭᠡᠬᠦ ᠢᠨᠵᠧᠨᠧᠷᠢᠩ᠂ ᠬᠥᠳᠡᠭᠡ ᠲᠣᠰᠬᠤᠨ ᠤ ᠠᠮᠢᠳᠤᠷᠠᠯ ᠣᠨ ᠪᠣᠬᠢᠷ ᠤᠰᠤ ᠶᠢ ᠵᠠᠰᠠᠬᠤ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠣᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ︔ ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ ᠤᠨ ᠨᠢᠭᠡᠳᠦᠭᠡᠷ ᠬᠤᠭᠤᠴᠠᠭᠠᠨ ᠤ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠤᠭᠤ ᠭᠠᠵᠠᠷ ᠢ ᠰᠡᠷᠭᠦᠭᠡᠬᠦ ᠠᠶᠠᠨᠳᠠᠭᠠᠨ ᠰᠡᠷᠭᠦᠭᠡᠬᠦ ᠠᠵᠢᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠨᠢᠭᠡᠳᠦᠯᠲᠡᠶ ᠲᠥᠯᠥᠪᠯᠡᠨ ᠪᠠᠬᠢᠵᠢᠭᠦᠯᠵᠦ᠂ ᠶᠡᠭᠡ ᠪᠠᠭ᠎ᠠ ᠬᠢᠩᠭᠠᠨ ᠳᠠᠪᠠᠭ᠎ᠠ ᠶᠢᠨ ᠠᠮᠢ ᠠᠬᠤᠶ ᠶᠢ ᠬᠠᠮᠠᠭᠠᠯᠠᠵᠤ ᠣᠶᠢᠵᠢᠭᠤᠯᠬᠤ᠂ ᠨᠡᠶᠢᠲᠡ ᠶᠢᠨ ᠠᠰᠠᠷᠠᠮᠵᠢ ᠶᠢᠨ ᠣᠶ᠂ ᠪᠠᠶᠢᠭᠠᠯᠢ ᠶᠢᠨ ᠣᠶ ᠵᠢᠴᠢ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠢ ᠠᠬᠢᠭᠤᠯᠤᠨ᠂ 8 ᠲᠦᠮᠡᠨ ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠪᠠ 2 . 7 ᠲᠦᠮᠡᠨ ᠮᠥ ᠣᠶᠢᠵᠢᠭᠤᠯᠤᠯᠲᠠ ᠶᠢᠨ ᠲᠥᠷᠥᠯ ᠵᠦᠶ᠋ᠯ ᠢ ᠰᠠᠶᠢᠲᠤᠷ ᠬᠡᠷᠡᠭᠵᠢᠭᠦᠯᠦᠨ᠎ᠡ᠃      ᠪᠣᠬᠢᠷᠲᠤᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ᠨᠢᠭᠡ ᠠᠴᠠ ᠨᠥᠭᠦᠭᠡ ᠶᠢ ᠵᠦᠶ᠋ᠴᠢᠯᠡᠨ ᠮᠡᠳᠡᠵᠦ᠂ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠪᠤᠷ ᠨᠠᠮᠤᠷ ᠤᠨ ᠤᠯᠠᠷᠢᠯ ᠳᠤ ᠡᠰᠢ ᠰᠦᠷᠡᠯ ᠰᠢᠲᠠᠭᠠᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠠᠮᠢ ᠠᠬᠤᠶ ᠶᠢ ᠵᠠᠰᠠᠨ ᠰᠡᠷᠭᠦᠭᠡᠬᠦ᠂ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠥᠷᠥᠰᠥ ᠰᠢᠷᠣᠶ ᠪᠠ ᠭᠠᠵᠠᠷ ᠳᠤᠤᠷᠠᠬᠢ ᠤᠰᠤᠨ ᠤ ᠪᠣᠬᠢᠷᠲᠤᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠠᠬᠢᠭᠤᠯᠵᠤ᠂ ᠬᠤᠰᠢᠭᠤᠨ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠲᠣᠭᠲᠠᠭᠤᠨ ᠢᠶᠠᠷ ᠠᠵᠢᠯᠯᠠᠭᠤᠯᠬᠤ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠵᠤ᠂ ᠬᠤᠰᠢᠭᠤᠨ ᠳᠣᠲᠣᠷᠠᠬᠢ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠠᠶᠢᠬᠤ ᠡᠳᠦᠷ ᠤᠨ ᠲᠤᠭ᠎ᠠ ᠶᠢᠨ ᠬᠠᠷᠢᠴᠠᠯ ᠢ 95 % ᠠᠴᠠ ᠳᠡᠭᠡᠭᠰᠢ ᠳᠤ ᠬᠦᠷᠭᠡᠨ᠎ᠡ᠃ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃      ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢ᠊ ᠡᠶ᠎ᠡ ᠶᠢ ᠪᠠᠭᠠᠰᠬᠠᠬᠤ ᠡᠷᠴᠢᠮ ᠢ ᠴᠢᠩᠭᠠᠷᠠᠭᠤᠯᠤᠨ᠎ᠠ᠃ ︽ᠲᠠᠪᠤ ᠶᠢ ᠶᠡᠬᠡᠪᠡᠷ ᠡᠬᠢᠯᠡᠭᠦᠯᠬᠦ︾ ᠠᠵᠢᠯᠯᠠᠭ᠎ᠠ ᠪᠠᠷ ᠤᠳᠤᠷᠢᠳᠤᠮᠵᠢ ᠪᠣᠯᠭᠠᠵᠤ᠂ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯᠯᠠᠭᠠᠨ ᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠢᠵᠢ ᠪᠦᠷᠢᠳᠦᠬᠦᠯᠬᠦ ᠰᠢᠷᠢᠰ ᠲᠦᠷᠦ ᠶᠢᠨ ᠪᠤᠳᠤᠯᠭ᠎ᠠ ᠶᠢ ᠰᠢᠰᠲ᠋ᠧᠮ ᠲᠠᠢ ᠤᠬᠠᠭᠠᠯᠠᠨ ᠲᠥᠯᠥᠪᠯᠡᠨ᠎ᠡ᠃ ︽ᠲᠠᠪᠤ ᠶᠢ ᠶᠡᠬᠡᠪᠡᠷ ᠡᠬᠢᠯᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠢ ᠬᠡᠷᠡᠭᠯᠡᠬᠦ ᠶᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠠᠵᠤ ᠦᠶ᠋ᠯᠡᠰ ᠤᠨ ᠰᠣᠬᠤᠷ ᠪᠠᠯᠠᠶ ᠪᠠᠷ ᠬᠥᠭᠵᠢᠬᠦ ᠪᠠ ᠳᠤᠤᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠡᠷᠡᠰ ᠬᠤᠷᠢᠭᠯᠠᠵᠤ᠂ ᠰᠢᠨ᠎ᠡ ᠪᠠᠷ ᠪᠠᠶᠢᠭᠤᠯᠬᠤ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠲᠥᠷᠥᠯ ᠵᠦᠶ᠋ᠯ ᠢ ᠬᠢᠨᠠᠨ ᠵᠥᠪᠰᠢᠶᠡᠷᠡᠬᠦ ᠶᠢ ᠴᠢᠩᠭ᠎ᠠ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ 
ᠢᠷᠡᠯᠲᠡ᠄ ᠲᠣᠲᠣᠷᠬᠠᠢ ᠦᠭᠡᠢ