ᠰᠤᠷᠪᠤᠯᠵᠢᠯᠠᠭᠴᠢ 12 ᠰᠠᠷ᠎ᠠ ᠶᠢᠨ 5 ᠤ ᠡᠳᠦᠷ ᠰᠤᠷᠭᠠᠨ | ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ | ︽ᠡᠪᠦᠯ ᠤᠨ ᠤᠯᠠᠷᠢᠯ ᠤᠨ ᠰᠤᠷᠭᠠᠭᠤᠯᠢ ᠶᠢᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ | ᠬᠢᠬᠦ ᠲᠤᠬᠠᠶ ᠮᠡᠳᠡᠭᠳᠡᠯ︾ ᠢ ᠣᠶᠢᠷ᠎ᠠ ᠳᠤ ᠳᠠᠷᠤᠮᠠᠯᠯᠠᠨ | ᠲᠠᠷᠬᠠᠭᠠᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ | ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠢᠯᠭᠠᠨ | ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠪᠠᠨ | ᠴᠢᠩᠭᠠᠳᠬᠠᠵᠤ᠂ ᠪᠠᠭᠰᠢ ᠰᠤᠷᠤᠭᠴᠢᠳ ᠢ ᠰᠢᠪᠠᠳᠠᠨ ᠡᠳᠦᠷ | ᠲᠤᠲᠤᠮ ᠤᠨ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ | ᠪᠠᠶᠢᠴᠠᠭᠠᠯᠳᠠ ᠶᠢ ᠰᠠᠶᠢᠲᠤᠷ ᠬᠢᠯᠭᠡᠬᠦ ᠬᠡᠷᠡᠭᠲᠡᠶ ᠭᠡᠵᠦ | ᠱᠠᠭᠠᠷᠳᠠᠪᠠ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ | ᠴᠢᠭᠢᠷᠠᠭ ᠢ ᠴᠢᠬᠤᠯᠠᠴᠢᠯᠠᠵᠤ᠂ ᠰᠤᠷᠤᠭᠴᠢᠳ ᠤᠨ | ᠡᠪᠡᠳᠴᠢᠯᠡᠭᠰᠡᠨ ᠬᠤᠭᠤᠴᠠᠭᠠᠨ ᠳᠠᠬᠢ ᠳᠠᠰᠬᠠᠯ ᠤᠨ ᠬᠠᠲᠠᠭᠤ | ᠱᠠᠭᠠᠷᠳᠠᠯᠭ᠎ᠠ ᠲᠠᠯᠪᠢᠬᠤ ᠦᠭᠡᠢ ᠪᠠᠶᠢᠵᠤ ᠪᠣᠯᠤᠨ᠎ᠠ ᠬᠡᠪᠡ᠃ | ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ | ᠰᠤᠷᠭᠠᠭᠤᠯᠢ ᠨᠤᠭᠤᠳ ᠠᠷᠭᠠᠴᠠᠭᠠᠬᠤ ᠲᠥᠰᠦᠯ ᠢᠶᠠᠨ | ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠵᠢᠭᠠᠨ ᠰᠤᠷᠭᠠᠯᠲᠠ ᠶᠢ ᠡᠮᠬᠢ ᠵᠢᠷᠤᠮ ᠲᠠᠢ | ᠵᠣᠯᠭᠠᠭᠤᠯᠬᠤ ᠶᠢ ᠰᠠᠶᠢᠲᠤᠷ ᠬᠢᠵᠦ᠂ ᠡᠪᠡᠳᠴᠢᠨ ᠠᠴᠠ ᠪᠣᠯᠵᠣ | ᠬᠢᠴᠢᠶᠡᠯ ᠰᠠᠭᠠᠲᠠᠭᠰᠠᠨ ᠰᠣᠷᠣᠭᠴᠢ ᠳᠤ᠂ ᠰᠦᠯᠵᠢᠶᠡᠨ | ᠳᠡᠭᠡᠷᠡᠬᠢ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠡᠬᠢ | ᠪᠠᠶᠠᠯᠢᠭ ᠢ ᠠᠰᠢᠭᠯᠠᠨ ᠬᠡᠷ ᠲᠡᠭᠡᠨ ᠰᠠᠭᠤᠵᠤ | ᠰᠤᠷᠤᠯᠴᠠᠬᠤ ᠶᠢ ᠵᠢᠯᠣᠭᠤᠳᠴᠤ᠂ ᠬᠢᠴᠢᠶᠡᠯ ᠵᠢᠭᠠᠬᠤ ᠪᠠᠭᠰᠢ | ᠨᠠᠷ ᠬᠡᠷ ᠤᠨ ᠠᠬᠠᠮᠠᠳ ᠲᠠᠢ ᠣᠶᠢᠷ᠎ᠠ ᠶᠢᠨ ᠬᠤᠭᠤᠴᠠᠭᠠᠨ ᠤ | ᠵᠢᠭᠠᠨ ᠰᠤᠷᠭᠠᠯᠲᠠ ᠶᠢᠨ ᠭᠤᠤᠯᠳᠠᠯᠭ᠎ᠠ ᠪᠠᠨ ᠴᠠᠭ | ᠲᠤᠬᠠᠶ ᠳᠤᠨᠢ ᠨᠡᠪᠲᠡᠷᠡᠯᠴᠡᠨ ᠵᠣᠯᠭᠠᠭᠤᠯᠬᠤ ᠬᠡᠷᠡᠭᠲᠡᠶ᠃ | ᠠᠮᠢᠰᠬᠤᠯ ᠤᠨ ᠵᠠᠮ ᠤᠨ ᠡᠪᠡᠳᠴᠢᠨ ᠤ ᠶᠠᠪᠤᠴᠠ ᠶᠢᠨ | ᠣᠨᠴᠠᠯᠢᠭ ᠲᠠᠢ ᠤᠶᠠᠯᠳᠤᠭᠤᠯᠤᠨ᠂ ᠬᠡᠷ ᠤᠨ ᠠᠬᠠᠮᠠᠳ ᠢ | ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠯᠡᠭᠰᠡᠨ | ᠰᠤᠷᠤᠭᠴᠢᠳ ᠢ ᠰᠠᠶᠢᠳᠤᠷ ᠡᠮᠨᠡᠨ ᠵᠠᠰᠠᠭᠤᠯᠬᠤ ᠪᠠ | ᠠᠮᠠᠷᠠᠭᠤᠯᠵᠤ᠂ ᠰᠤᠷᠭᠠᠭᠤᠯᠢ ᠳᠤ ᠪᠠᠨ ᠪᠤᠴᠠᠵᠤ ᠬᠢᠴᠢᠶᠡᠯ | ᠣᠷᠣᠬᠤ ᠲᠣᠬᠢᠷᠠᠭᠤᠯᠤᠯᠲᠠ ᠶᠢ ᠦᠨᠡᠨ ᠬᠦ ᠰᠢᠨᠵᠢᠯᠡᠬᠦ | ᠤᠬᠠᠭᠠᠨᠴᠢ ᠪᠠᠷ ᠬᠢᠬᠦ ᠬᠡᠷᠡᠭᠲᠡᠶ ᠭᠡᠵᠦ ᠱᠠᠭᠠᠷᠳᠠᠪᠠ᠃ | | |