︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠵᠤ ᠮᠥᠰᠥ ᠴᠠᠰᠤᠨ ᠤ ᠤᠯᠠᠷᠢᠯ︾ 2023 - 2024 ᠤᠡ ᠪᠣᠯᠲᠠᠯ᠎ᠠ ᠮᠤᠷᠢᠨᠳᠠᠪᠠᠭ᠎ᠠ   ᠮᠥᠰᠥᠨ ᠵᠢᠭᠠᠰᠤ ᠠᠩᠨᠠᠬᠤ ᠤᠯᠠᠷᠢᠯ     ᠤᠨ ᠰᠢᠷᠢᠰ ᠠᠵᠢᠯᠯᠠᠭ᠎ᠠ ᠡᠬᠢ᠊
ᠨᠡᠶᠢᠲᠡᠯᠡᠭᠰᠡᠨ ᠴᠠᠭ᠄
2024/1/4

      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠡᠯ᠎ᠡ ᠲᠠᠯ᠎ᠠ ᠶᠢᠨ ᠵᠤᠭᠠᠴᠠᠭᠰᠠᠳ ᠬᠦᠷᠴᠦ ᠢᠷᠡᠪᠡ᠃

ᠮᠥᠰᠥ ᠲᠡᠭᠦᠬᠦ ᠮᠥᠷᠡᠨ᠂ ᠪᠥᠬᠦ ᠤᠯᠤᠰ ᠤᠨ ᠣᠯᠠᠨ ᠨᠡᠶᠢᠲᠡ ᠶᠢᠨ ᠲᠦᠷᠭᠡᠨ ᠲᠡᠰᠢᠯᠲᠡ ᠶᠢᠨ ᠮᠠᠷᠠᠽᠤᠨ ᠤ ᠤᠷᠢᠯᠭ᠎ᠠ ᠶᠢᠨ ᠤᠷᠤᠯᠳᠤᠭᠠᠨ ᠵᠡᠷᠭᠡ ᠣᠷᠭᠢᠯᠤᠮ᠎ᠠ

ᠬᠠᠯᠠᠭᠤᠨ ᠰᠡᠳᠬᠢᠯᠭᠡ ᠪᠠᠷ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠠᠶᠢᠬᠤ ᠪᠠᠷ ᠪᠠᠷᠠᠬᠤ ᠥᠬᠡᠶ᠂ ᠪᠠᠰᠠ ᠵᠢᠪᠦᠯᠵᠢᠨ ᠮᠠᠶ᠋ᠢᠭ ᠤᠨ ᠠᠷᠠᠳ ᠤᠨ

ᠵᠠᠩ ᠦᠢᠯᠡ ᠶᠢᠨ ᠳᠠᠭᠤᠤ ᠪᠥᠵᠢᠭ ᠤᠨ ᠲᠣᠭᠯᠠᠯᠲᠠ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠪᠡᠶᠡᠴᠢᠯᠡᠨ ᠣᠶᠢᠯᠠᠭᠠᠬᠤ᠂ ᠠᠮᠲᠠᠲᠤ ᠢᠳᠡᠭᠡᠨ ᠢ

ᠠᠮᠲᠠᠯᠠᠵᠤ ᠦᠨᠡᠯᠡᠬᠦ᠂ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠬᠤ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠲᠥᠷᠥᠯ ᠵᠦᠢᠯ ᠪᠠᠶᠢᠵᠤ᠂

ᠡᠪᠦᠯ ᠤᠨ ᠤᠯᠠᠷᠢᠯ ᠳᠤ ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠶᠠᠭ ᠮᠤᠷᠢᠨᠳᠠᠪᠠᠭ᠎ᠠ ᠭᠡᠬᠦ ᠡᠨᠡ ᠬᠦ ᠤᠰᠤᠨ ᠤ ᠬᠥᠪᠡᠭᠡᠨ ᠤ ᠬᠤᠲᠠ ᠳᠤ ᠶᠠᠪᠤᠭᠳᠠᠵᠤ ᠪᠣᠶ᠃

      12 ᠰᠠᠷ᠎ᠠ ᠶᠢᠨ 28 ᠤ ᠡᠳᠦᠷ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ

ᠪᠠᠶᠠᠷᠯᠠᠨ ᠤᠭᠲᠤᠵᠤ᠂ ᠮᠥᠰᠥ ᠴᠠᠰᠤᠨ ᠤ ᠤᠯᠠᠷᠢᠯ ᠢ ᠪᠠᠶᠠᠷᠯᠠᠨ ᠤᠭᠲᠤᠶ᠎ᠠ︾ 2023 - 2024 ᠣᠨ ᠳᠤ ᠮᠣᠷᠢᠨᠳᠠᠪᠠᠭ᠎ᠠ ᠮᠥᠰᠥ ᠭᠥᠬᠢ ᠶᠢᠨ ᠤᠯᠠᠷᠢᠯ ᠤᠨ

ᠰᠢᠷᠢᠰ ᠠᠵᠢᠯᠯᠠᠭ᠎ᠠ ᠡᠬᠢᠯᠡᠵᠦ᠂ ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ ᠶᠠᠩ ᠬᠤᠩ ᠵᠡᠷᠭᠡ

ᠤᠳᠤᠷᠢᠳᠤᠯᠭ᠎ᠠ ᠵᠢᠴᠢ ᠬᠦᠨᠳᠦᠲᠦ ᠵᠣᠴᠢᠳ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ

᠂ ᠵᠠᠰᠠᠭ ᠤᠨ ᠣᠷᠳᠣᠨ ᠤ ᠳᠠᠷᠤᠭ᠎ᠠ ᠮᠧᠩ ᠳ᠋ᠠ ᠶᠢᠩ ᠨᠡᠷ ᠠᠵᠢᠯᠯᠠᠭ᠎ᠠ ᠳᠤ ᠣᠷᠣᠯᠴᠠᠵᠠᠶ᠃

      ᠮᠧᠩ ᠳ᠋ᠠ ᠶᠢᠩ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠮᠠᠨ ᠤ ᠬᠤᠰᠢᠭᠤ ᠰᠣᠶᠣᠯ ᠵᠢᠭᠤᠯᠴᠢᠯᠠᠯ ᠤᠨ ᠠᠵᠤ

ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢᠨ ᠲᠣᠭᠤᠷᠢᠨ ᠳᠤ ᠰᠣᠶᠣᠯ

ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠰᠣᠶᠣᠯ

ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠲᠦᠷᠭᠡᠨ ᠳᠠᠪᠰᠢᠯᠲᠠ ᠲᠠᠢ ᠪᠣᠯᠪᠠ᠃ ᠪᠥᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ

ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠤᠷᠠᠯᠳᠤᠬᠤ ᠲᠠᠰᠢᠷᠠᠮ ᠢᠶᠠᠷ᠂ ᠮᠠᠨ ᠤ ᠬᠤᠰᠢᠭᠤ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ

ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ

ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ

ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠵᠤ᠂ ᠮᠥᠰᠥ ᠴᠠᠰᠤᠨ ᠤ ᠤᠯᠠᠷᠢᠯ ᠳᠤ ᠪᠠᠶᠠᠷ ᠬᠥᠷ ᠲᠠᠢ ᠴᠤᠭᠯᠠᠷᠠᠬᠤ︾

 ᠪᠠᠷ ᠭᠤᠤᠯ ᠰᠡᠳᠦᠪ ᠪᠣᠯᠭᠠᠵᠤ᠂ ︽ᠮᠥᠰᠥ ᠴᠠᠰᠤ ᠴᠤ ᠠᠯᠲᠠ ᠮᠥᠩᠭᠦᠨ ᠠᠭᠤᠯᠠ︾ ᠪᠠᠷ ᠣᠶᠢᠯᠠᠭᠠᠭᠳᠠᠬᠤᠨ ᠢ ᠦᠶ᠋ᠯᠡᠳᠦᠯᠭᠡᠵᠢᠭᠦᠯᠵᠦ᠂ ᠲᠣᠰ ᠤᠳᠠᠭᠠᠨ ᠤ

ᠰᠢᠷᠢᠰ ᠠᠵᠢᠯᠯᠠᠭ᠎ᠠ ᠶᠢ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠮᠥᠰᠥ ᠴᠠᠰᠤᠨ ᠤ ᠡᠬᠢ ᠪᠠᠶᠠᠯᠢᠭ ᠢ ᠭᠦᠨᠵᠡᠭᠡᠶ ᠠᠭᠤᠳᠠᠯᠬᠤ ᠳᠤ ᠠᠩᠬᠠᠷᠤᠯ ᠢᠶᠠᠨ

ᠲᠥᠪᠯᠡᠷᠡᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠤ ᠦᠢᠯᠡᠰ ᠤᠨ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠵᠤ᠂ ︽ᠬᠦᠢᠲᠡᠨ ᠡᠬᠢ ᠪᠠᠶᠠᠯᠢᠭ︾

 ᠢ ︽ᠬᠠᠯᠠᠭᠤᠨ ᠠᠵᠤ ᠠᠬᠤᠶ︾ ᠪᠣᠯᠭᠠᠨ ᠬᠤᠪᠢᠷᠠᠭᠤᠯᠬᠤ ᠶᠢ ᠬᠦᠴᠦᠯᠡᠨ ᠠᠬᠢᠭᠤᠯᠪᠠ᠃

      ᠲᠠᠨ ᠬᠤᠸᠠ ᠠᠵᠢᠯᠯᠠᠭ᠎ᠠ ᠡᠬᠢᠯᠡᠭᠰᠡᠨ ᠢ ᠵᠠᠷᠯᠠᠪᠠ᠃

 

ᠢᠷᠡᠯᠲᠡ᠄ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ