6 ᠳ᠋ᠤᠭᠠᠷ ᠰᠠᠷ᠎ᠠ ᠶᠢᠨ 17 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠯ ᠪᠥᠮᠪᠦᠭᠡᠨ ᠤ | ᠬᠤᠯᠪᠣᠭᠠᠲᠤ ᠤᠷᠤᠯᠳᠤᠭᠠᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ | ᠳᠤᠭᠤᠶᠢᠯᠠᠩ︶ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠥᠨᠳᠦᠷᠯᠡᠪᠡ᠃ 2024 ᠣᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ︶ ᠳᠤ ᠮᠠᠨ ᠤ ᠣᠷᠣᠨ ᠤ 20 ᠳᠡᠭᠡᠳᠦ ᠵᠡᠷᠭᠡ ᠶᠢᠨ ᠰᠤᠷᠭᠠᠭᠤᠯᠢ ᠶᠢᠨ 29 ᠳᠤᠭᠤᠶᠢᠯᠠᠩ | ᠣᠷᠣᠯᠴᠠᠵᠤ᠂ ᠡᠭᠦᠨ ᠳᠤ ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ 14᠂ ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ 8᠂ | ᠳᠡᠰ ᠠᠴᠠ ᠳᠠᠪᠠᠭᠰᠠᠨ ᠡᠷᠡᠭᠲᠡᠢ ᠶᠢᠨ ᠳᠤᠭᠤᠶᠢᠯᠠᠩ 4᠂ ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ 3᠂ ᠰᠤᠷᠤᠭᠴᠢ ᠲᠠᠮᠢᠷᠴᠢᠨ 575 ᠪᠣᠢ᠃ 6 | ᠡᠳᠦᠷ ᠤᠨ ᠬᠤᠭᠤᠴᠠᠭᠠᠨ ᠳᠤ᠂ 59 ᠲᠠᠯᠠᠪᠤᠷ ᠤᠷᠤᠯᠳᠤᠭᠠᠨ ᠤ ᠮᠥᠷᠦ᠋ᠢᠴᠡᠭᠡᠨ ᠶᠠᠪᠤᠭᠳᠠᠭᠤᠯᠪᠠ᠃ | ᠬᠤᠷᠴᠠ ᠰᠢᠷᠦᠭᠦᠨ ᠮᠥᠷᠦ᠋ᠢᠴᠡᠭᠡᠨ ᠢᠶᠠᠷ ᠳᠠᠮᠵᠢᠨ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠯ | ᠪᠥᠮᠪᠦᠭᠡᠨ ᠤ ᠬᠤᠯᠪᠣᠭᠠᠲᠤ ᠤᠷᠤᠯᠳᠤᠭᠠᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠶᠢᠨ ᠳᠤᠭᠤᠶᠢᠯᠠᠩ︶ ᠤ ᠬᠢᠷᠢ ᠪᠦᠲᠦᠮᠵᠢ ᠨᠢᠭᠡᠨᠲᠡ ᠲᠣᠳᠤᠷᠠᠪᠠ᠃ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠡᠰ ᠠᠴᠠ | ᠳᠠᠪᠠᠭᠰᠠᠨ ᠡᠷᠡᠭᠲᠡᠢ ᠶᠢᠨ ᠳᠤᠭᠤᠶᠢᠯᠠᠩ ᠳᠤ ᠮᠠᠩᠯᠠᠶᠢᠯᠠᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠡᠰ ᠠᠴᠠ ᠳᠠᠪᠠᠭᠰᠠᠨ ᠡᠮᠡᠭᠲᠡᠢ ᠶᠢᠨ | ᠳᠤᠭᠤᠶᠢᠯᠠᠩ ᠳᠤ ᠮᠠᠩᠯᠠᠶᠢᠯᠠᠨ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ | ᠡᠷᠡᠭᠲᠡᠢ ᠶᠢᠨ ᠳᠤᠭᠤᠶᠢᠯᠠᠩ ᠳᠤ ᠮᠠᠩᠯᠠᠶᠢᠯᠠᠵᠤ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ ᠳᠤ ᠮᠠᠩᠯᠠᠶᠢᠯᠠᠪᠠ᠃ | ᠤᠷᠤᠯᠳᠤᠭᠠᠨ ᠤ ᠬᠤᠭᠤᠴᠠᠭᠠᠨ ᠳᠤ᠂ ᠮᠠᠨ ᠤ ᠣᠷᠣᠨ ᠤ ᠤᠶᠤᠲᠠᠳ ᠤᠷᠤᠯᠳᠤᠭᠠᠨ ᠤ ᠲᠠᠯᠠᠪᠤᠷ ᠲᠤ ᠪᠦᠯᠬᠦᠮᠳᠡᠨ ᠬᠠᠮᠵᠢᠯᠴᠠᠵᠤ᠂ ᠡᠷᠡᠮᠡᠬᠡᠶᠢᠯᠡᠨ | ᠤᠷᠤᠭᠰᠢᠯᠠᠬᠤ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠤᠷᠤᠯᠳᠤᠭᠠᠨ ᠨᠢᠭᠡ ᠪᠦᠷᠢ ᠳᠤ ᠢᠳᠡᠪᠬᠢᠲᠡᠢ ᠣᠷᠣᠯᠴᠠᠵᠤ᠂ ᠪᠥᠮᠪᠦᠭᠡᠨ ᠤ ᠮᠡᠷᠭᠡᠵᠢᠯ ᠢᠶᠠᠨ ᠭᠠᠶᠢᠬᠠᠭᠤᠯᠤᠨ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠭᠰᠡᠨ ᠤ ᠬᠠᠮᠲᠤ | ᠨᠡᠩ ᠣᠯᠠᠨ ᠰᠤᠷᠤᠭᠴᠢᠳ ᠤᠨ ᠬᠥᠯ ᠪᠥᠮᠪᠦᠭᠡᠨ ᠤ ᠬᠥᠳᠡᠯᠭᠡᠭᠡᠨ ᠢ ᠡᠷᠬᠢᠮᠯᠡᠬᠦ ᠪᠠ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠂ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡᠨ ᠤ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ | 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠢ ᠵᠢᠩᠬᠢᠨᠢ | ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ᠂ ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ ᠭᠡᠬᠦ ᠭᠤᠷᠪᠠᠨ ᠳᠤᠭᠤᠶᠢᠯᠠᠩ ᠬᠤᠪᠢᠶᠠᠪᠠ᠃ | ᠡᠭᠦᠨ ᠳᠤ᠂ ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠤᠨ ᠤᠷᠤᠯᠳᠤᠭᠠᠨ 5 ᠰᠠᠷ᠎ᠠ ᠶᠢᠨ 29 ᠤ ᠡᠳᠦᠷ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠳᠤ ᠥᠨᠳᠥᠷᠯᠡᠵᠦ᠂ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ ᠤᠨ ᠤᠷᠤᠯᠳᠤᠭᠠᠨ ᠤᠳᠠᠯ ᠦᠭᠡᠢ ᠡᠬᠢᠯᠡᠬᠦ | ᠭᠡᠵᠦ ᠪᠠᠶᠢᠨ᠎ᠠ᠃ |