3 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ᠂ ᠴᠢᠬᠤᠯᠠ ᠶᠡᠭᠡ | ᠲᠥᠷᠥᠯ ᠵᠦᠢᠯ ᠢ ᠠᠬᠢᠭᠤᠯᠬᠤ ᠪᠠ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠠᠯᠪᠠᠯᠠᠨ | ᠰᠢᠢᠳᠪᠦᠷᠢᠯᠡᠪᠡ᠃ | | ᠮᠧᠩ ᠰᠢᠨ ᠪᠦᠯᠦᠭᠯᠡᠯ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠤᠰᠤᠲᠥ᠋ᠷᠥᠭᠴᠢ ᠰᠢᠪᠲᠣᠷ ᠤᠨ ᠦᠢᠯᠡᠳᠬᠦᠨ ᠢ ᠰᠠᠶ᠋ᠢᠬᠠᠨ | ᠦᠢᠯᠡᠳᠪᠦᠷᠢᠯᠡᠵᠦ ᠭᠠᠷᠭᠠᠪᠠ᠂ ᠸᠠᠩ ᠯᠢ ᠰᠢᠶᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ | ᠠᠰᠠᠭᠤᠳᠠᠯ ᠪᠣᠯᠣᠨ ᠬᠦᠴᠢᠷᠳᠡᠯ ᠢ ᠯᠠᠪᠯᠠᠨ ᠠᠰᠠᠭᠤᠵᠤ᠂ ᠲᠤᠬᠠᠢ ᠶᠢᠨ ᠲᠠᠯᠠᠪᠠᠢ ᠳᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠰᠢᠢᠳᠪᠦᠷᠢᠯᠡᠬᠦ ᠠᠷᠭ᠎ᠠ ᠶᠢ | ᠰᠤᠳᠤᠯᠪᠠ᠃ ᠲᠡᠷᠡ ᠠᠵᠤ ᠠᠬᠤᠶᠢᠯᠠᠯ ᠤᠨ ᠬᠢᠨ ᠢ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠥᠬᠦ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠳᠤ ᠬᠦᠴᠦᠨ ᠨᠡᠮᠡᠷᠢᠯᠡᠬᠦ ᠲᠠᠯ᠎ᠠ ᠪᠠᠷ ᠰᠢᠨ᠎ᠡ ᠵᠠᠮ ᠨᠡᠭᠡᠭᠡᠬᠦ ᠶᠢ ᠵᠣᠷᠢᠭᠵᠢᠭᠤᠯᠪᠠ᠃ | | ᠳ᠋ᠦᠩ ᠱᠠᠨ ᠬᠥᠩᠭᠡᠨᠴᠠᠭᠠᠨ ᠤ ᠦᠢᠯᠡᠰ ᠤᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠬᠦᠷᠴᠢᠭᠢᠨᠡᠵᠦ᠂ ᠢᠳᠡ ᠬᠥᠭ ᠲᠠᠢ ᠠᠵᠢᠭᠯᠠᠵᠤ ᠪᠠᠶᠢᠯ᠎ᠠ᠂ ᠸᠠᠩ ᠯᠢ ᠰᠢᠶᠠ ᠠᠵᠤ ᠠᠬᠤᠶᠢᠯᠠᠯ ᠤᠨ | ᠬᠠᠷᠢᠭᠤᠴᠠᠯᠭᠠᠲᠠᠨ ᠠᠴᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠨᠡᠭᠡᠭᠡᠯᠲᠡ ᠶᠢᠨ ᠲᠣᠭᠤᠷᠢᠭ ᠤᠨ | ᠬᠠᠷᠢᠭᠤᠴᠠᠯᠭᠠᠲᠠᠨ ᠳᠤ ᠡᠯ᠎ᠡ ᠲᠥᠷᠥᠯ ᠤᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠳᠤ ᠪᠥᠬᠦ ᠦᠶᠡᠯᠡᠯ ᠤᠨ | ᠬᠤᠭᠤᠴᠠᠭᠠᠨ ᠤ ︽ᠢᠵᠢ ᠦᠢᠯᠡᠴᠢᠯᠡᠭᠡ︾ ᠬᠠᠩᠭᠠᠬᠤ ᠬᠡᠷᠡᠭᠲᠡᠢ ᠭᠡᠵᠦ ᠵᠠᠬᠢᠪᠠ᠃ | ᠸᠠᠩ ᠯᠢ ᠰᠢᠶᠠ ᠪᠠᠰᠠ ᠮᠢᠩ ᠶᠤᠸᠠᠢ ᠺᠣᠮᠫᠠᠨᠢ ᠶᠢᠨ ᠳᠡᠭᠡᠳᠦ ᠳᠡᠰ ᠤᠨ ᠹᠯᠣᠷ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ᠂ ᠰᠢᠩ ᠶᠣᠣ ᠸᠣᠯᠹᠷᠣᠮ | ᠮᠣᠯᠢᠪᠳᠧᠨ ᠤ ᠳᠡᠭᠡᠳᠦ ᠳᠡᠰ ᠤᠨ ᠬᠠᠶᠢᠯᠤᠰᠢ ᠶᠢᠨ ᠮᠠᠲ᠋ᠧᠷᠢᠶᠠᠯ ᠦᠢᠯᠡᠳᠬᠦ ᠰᠠᠭᠤᠷᠢᠨ ᠤ ᠲᠥᠷᠥᠯ ᠵᠦᠢᠯ ᠤᠨ ᠦᠢᠯᠡᠳᠪᠦᠷᠢ ᠶᠢᠨ ᠲᠠᠰᠤᠭ ᠤᠨ ᠡᠮᠦᠨ᠎ᠡ | ᠹᠷᠣᠨᠲ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠦᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠬᠡᠷᠡᠭᠯᠡᠭᠡᠨ ᠤ | ᠦᠵᠡᠭᠳᠡᠯ ᠲᠠᠯᠠᠪᠤᠷ ᠵᠡᠷᠭᠡ ᠪᠠᠶᠢᠳᠠᠯ ᠢ ᠣᠶᠢᠯᠠᠭᠠᠪᠠ᠃ | ᠸᠠᠩ ᠯᠢ ᠰᠢᠶᠠ ᠠᠵᠤ ᠠᠬᠤᠶᠢᠯᠠᠯᠲᠠᠳ ᠲᠤ᠂ ᠥᠪᠥᠷ ᠮᠣᠩᠭᠤᠯ ᠶᠠᠭ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠨ᠎ᠠ᠂ ᠢᠷᠡᠭᠡᠳᠦᠢ ᠬᠢᠵᠠᠭᠠᠯᠠᠰᠢ | ᠦᠭᠡᠢ ᠭᠡᠭᠡᠨ ᠰᠠᠷᠠᠭᠤᠯ ᠪᠠᠶᠢᠵᠤ᠂ ᠶᠡᠭᠡ ᠦᠢᠯᠡᠰ ᠢ ᠪᠦᠲᠦᠭᠡᠵᠦ ᠪᠣᠯᠣᠨ᠎ᠠ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠳ ᠥᠪᠥᠷ ᠮᠣᠩᠭᠤᠯ ᠳᠤ | ᠦᠨᠳᠦᠰᠦᠯᠡᠵᠦ᠂ ᠥᠪᠥᠷ ᠮᠣᠩᠭᠤᠯ ᠳᠤ ᠭᠦᠨᠵᠡᠭᠡᠶᠢᠷᠡᠨ ᠬᠥᠭᠵᠢᠵᠦ᠂ ᠨᠡᠩ ᠣᠯᠠᠨ ᠰᠢᠯᠢᠳᠡᠭ ᠲᠥᠷᠥᠯ ᠵᠦᠢᠯ ᠢ ᠥᠪᠥᠷ ᠮᠣᠩᠭᠤᠯ ᠳᠤ ᠨᠤᠲᠤᠭᠰᠢᠭᠤᠯᠤᠨ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ | ᠲᠡᠷᠡ᠂ ᠡᠯ᠎ᠡ ᠱᠠᠲᠤᠨ ᠤ ᠵᠠᠰᠠᠭ ᠤᠨ ᠣᠷᠳᠣᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ | ᠭᠠᠷᠭᠠᠵᠤ᠂ ᠠᠵᠤ ᠠᠬᠤᠶᠢᠯᠠᠯᠲᠠᠨ ᠢ ᠭᠡᠷ ᠤᠨ ᠬᠥᠮᠥᠨ ᠢᠶᠠᠨ ᠮᠡᠲᠦ ᠪᠣᠳᠣᠵᠤ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ | ᠠᠰᠠᠭᠤᠳᠠᠯ ᠲᠤᠯᠭᠠᠷᠠᠪᠠᠯ ᠦᠨᠡᠨ ᠪᠣᠳᠠᠲᠠᠢ ᠴᠢᠷᠮᠠᠶᠢᠨ ᠰᠢᠢᠳᠪᠦᠷᠢᠯᠡᠵᠦ᠂ ᠦᠢᠯᠡᠴᠢᠯᠡᠭᠡ ᠪᠠᠲᠤᠯᠠᠭ᠎ᠠ ᠶᠢ ᠦᠨᠡᠨ ᠪᠣᠳᠠᠲᠠᠢ ᠰᠠᠶᠢᠲᠤᠷ ᠬᠢᠵᠦ᠂ ᠵᠠᠰᠠᠭ ᠠᠵᠤ | ᠠᠬᠤᠶᠢᠯᠠᠯ ᠭᠠᠷ ᠬᠤᠯᠪᠣᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ |