3 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ | | ᠶᠠᠷᠢᠯᠴᠠᠬᠤ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠲᠤᠬᠠᠢ ᠠᠵᠢᠯ ᠤᠨ ᠪᠠᠶᠢᠳᠠᠯ ᠢ ᠮᠡᠳᠡᠭᠳᠡᠪᠡ᠃ ᠫᠠᠨ ᠭᠠᠩ᠂ ᠵᠢᠶᠠᠩ ᠶᠦᠨ᠂ ᠯᠢ ᠸᠧᠢ᠂ ᠵᠠᠩ ᠬᠠᠢ ᠱᠧᠩ᠂ ᠦ᠋ ᠺᠦᠢ ᠱᠧᠩ᠂ ᠬᠤᠤ ᠶᠠᠨ ᠲᠤᠤ᠂ | ᠶᠠᠩ ᠵᠢᠶᠠᠨ ᠯᠢᠶᠠᠩ᠂ ᠴᠧᠩ ᠰᠢᠦᠢ ᠳ᠋ᠦᠩ ᠵᠡᠷᠭᠡ ᠠᠳᠠᠯᠢ ᠪᠤᠰᠤ ᠠᠵᠢᠯ ᠲᠦᠷᠦᠯ ᠤᠨ ᠬᠦᠷᠢᠶᠡᠨ ᠤ ᠠᠵᠤ ᠠᠬᠤᠶᠢᠯᠠᠯᠲᠠᠳ ᠤᠨ 8 ᠲᠥᠯᠥᠭᠡᠯᠡᠭᠴᠢ ᠤᠷᠢᠳ | ᠬᠤᠵᠢᠳ ᠦᠭᠡ ᠬᠡᠯᠡᠵᠦ᠂ ᠶᠠᠷᠢᠯᠴᠠᠬᠤ ᠳᠤᠮᠳᠠ ᠰᠦᠨ ᠱᠤᠤ ᠴᠧᠩ ᠪᠣᠳᠠᠲᠠᠢ ᠨᠠᠷᠢᠨ ᠵᠦᠢᠯᠡᠰ ᠢ ᠯᠠᠪᠯᠠᠨ ᠠᠰᠠᠭᠤᠵᠤ᠂ ᠵᠠᠷᠢᠮ ᠠᠰᠠᠭᠤᠳᠠᠯ ᠤᠨ ᠲᠤᠬᠠᠢ ᠠᠵᠤ | ᠠᠬᠤᠶᠢᠯᠠᠯᠲᠠᠨ ᠲᠠᠢ ᠭᠦᠨᠵᠡᠭᠡᠢ ᠶᠠᠷᠢᠯᠴᠠᠨ ᠰᠣᠯᠢᠯᠴᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠨᠠᠷᠢᠨ ᠬᠢᠨᠠᠮᠠᠭᠠᠢ ᠰᠤᠳᠤᠯᠤᠨ | ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠰᠦᠨ ᠱᠤᠤ ᠴᠧᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡ ᠭᠠᠵᠠᠷ ᠣᠷᠣᠨ ᠤ ᠬᠥᠭᠵᠢᠯᠲᠡ ᠳᠤ ᠦᠵᠡᠭᠦᠯᠭᠦ ᠴᠢᠬᠤᠯᠠ ᠴᠢᠨᠠᠷ ᠢ | ᠬᠡᠯᠡᠬᠦ ᠦᠭᠡᠢ ᠳᠤ ᠴᠥᠮ ᠮᠡᠳᠡᠵᠤ ᠪᠠᠶᠢᠬᠤ ᠶᠤᠮ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠪᠣᠯ ᠣᠷᠣᠨ ᠨᠤᠲᠤᠭ ᠤᠨ | ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠣᠯᠣᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠢᠯᠡᠴᠢᠯᠡᠬᠦ | ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠦᠨᠡᠨ ᠬᠦ | ᠥᠪᠡᠷ ᠤᠨ ᠬᠥᠮᠥᠨ ᠢᠶᠠᠨ ᠮᠡᠲᠦ ᠦᠵᠡᠵᠦ᠂ ᠲᠡᠳᠡᠨ ᠤ ᠶᠠᠪᠤᠳᠠᠯ ᠢ ᠥᠪᠡᠷ ᠤᠨ ᠭᠡᠷ ᠤᠨ ᠶᠠᠪᠤᠳᠠᠯ ᠢᠶᠠᠨ ᠪᠤᠯᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ | ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠰ ᠪᠣᠰᠬᠠᠵᠤ ᠠᠵᠢᠯ ᠦᠢᠯᠡᠰ ᠢᠶᠠᠨ ᠮᠠᠨᠳᠤᠭᠤᠯᠬᠤ ᠳᠤ ᠰᠠᠶᠢᠨ ᠰᠠᠶᠢᠬᠠᠨ ᠣᠷᠴᠢᠨ | ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠡᠨᠡ ᠦᠢᠯᠡᠴᠢᠯᠡᠭᠡ ᠭᠡᠰᠡᠨ ᠦᠭᠡᠢ ᠲᠡᠷᠡ ᠦᠢᠯᠡᠴᠢᠯᠡᠭᠡ ᠭᠡᠰᠡᠨ ᠦᠭᠡᠢ᠂ ᠦᠨᠡᠨ ᠪᠣᠳᠠᠲᠠᠢ ᠪᠠᠷ ᠠᠰᠠᠭᠤᠳᠠᠯ ᠢ | ᠰᠢᠢᠳᠪᠦᠷᠢᠯᠡᠵᠦ ᠪᠠᠶᠢᠪᠠᠯ ᠬᠠᠮᠤᠭ ᠤᠨ ᠰᠠᠶᠢᠨ ᠦᠢᠯᠡᠴᠢᠯᠡᠭᠡ ᠶᠤᠮ᠃ ᠠᠵᠤ ᠠᠬᠤᠶᠢᠯᠠᠯ ᠤᠨ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠬᠦᠴᠦᠯᠡᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ | ᠬᠤᠲᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ ᠰᠢᠨ᠎ᠡ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠳᠠᠯᠢ ᠪᠤᠰᠤ | ᠱᠠᠲᠤ ᠲᠠᠰ ᠤᠨ ᠬᠠᠷᠢᠯᠴᠠᠵᠤ ᠦᠢᠯᠡᠴᠢᠯᠡᠬᠦ ᠠᠵᠤ ᠠᠬᠤᠶᠢᠯᠠᠯ ᠤᠨ ᠨᠡᠷᠡᠰ ᠢ ᠲᠣᠭᠲᠠᠭᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ | ᠠᠳᠠᠯᠢ ᠪᠠᠷ ᠬᠠᠨᠳᠤᠬᠤ᠂ ᠥᠨᠳᠥᠷ ᠦᠷ᠎ᠡ ᠪᠦᠲᠦᠮᠵᠢᠲᠡᠶ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠨᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠶᠢ ᠱᠠᠭᠠᠷᠳᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠦᠨ᠎ᠡ ᠦᠷᠳᠡᠭ ᠢᠶᠠᠷ ᠥᠨᠳᠥᠷ᠂ | ᠬᠠᠨᠳᠤᠯᠭᠠᠲᠤ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠱᠠᠯᠠᠪᠳᠠᠨ ᠰᠤᠳᠤᠯᠤᠨ ᠨᠡᠶᠢᠲᠡᠯᠡᠵᠦ᠂ ᠠᠭᠤᠯᠭ᠎ᠠ ᠠᠷᠭ᠎ᠠ ᠬᠡᠮᠵᠢᠶ᠎ᠡ ᠶᠢᠨ | ᠲᠠᠯ᠎ᠠ ᠪᠠᠷ ᠵᠣᠬᠢᠰᠲᠠᠢ ᠤᠷᠢᠳᠴᠢᠯᠠᠭᠤᠯᠵᠤ᠂ ᠪᠣᠳᠠᠲᠠᠢ ᠶᠢ ᠡᠷᠬᠢᠮᠯᠡᠭᠰᠡᠨ ᠪᠥᠭᠡᠳ ᠬᠡᠷᠡᠭᠴᠡᠭᠡ ᠲᠤᠰᠠ ᠲᠠᠢ ᠪᠠᠶᠢᠵᠤ᠂ ᠦᠨᠳᠦᠰᠦᠨ ᠱᠠᠲᠤ ᠪᠣᠯᠣᠨ ᠠᠵᠤ | ᠠᠬᠤᠶᠢᠯᠠᠯ ᠤᠨ ᠬᠢᠨ ᠦᠵᠡᠮᠡᠭᠴᠡ ᠪᠠᠨ ᠣᠶᠢᠯᠠᠭᠠᠵᠤ ᠲᠡᠶᠢᠯᠭᠦ᠂ ᠣᠯᠣᠮᠠᠭᠴᠠ ᠪᠠᠨ ᠬᠡᠷᠡᠭᠯᠡᠵᠦ ᠪᠤᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠬᠢᠨ ᠨᠢᠭᠡ | ᠨᠢᠭᠡ ᠪᠣᠳᠠᠲᠠᠢ ᠶᠠᠪᠤᠳᠠᠯ ᠢ ᠰᠠᠶᠢᠲᠤᠷ ᠬᠢᠬᠦ ᠠᠴᠠ ᠡᠬᠢᠯᠡᠨ ᠠᠳᠬᠤᠵᠤ᠂ ᠪᠦᠭᠦ ᠨᠡᠶᠢᠭᠡᠮ ᠳᠤ ᠬᠤᠳᠠᠯᠳᠤᠭᠠᠴᠢᠨ ᠢ ᠭᠦᠨᠳᠦᠳᠭᠡᠵᠦ ᠬᠤᠳᠠᠯᠳᠤᠭᠠᠴᠢᠨ ᠢ | ᠴᠢᠬᠤᠯᠠᠴᠢᠯᠠᠵᠤ ᠬᠤᠳᠠᠯᠳᠤᠭᠠᠴᠢᠨ ᠢ ᠠᠮᠤᠷᠵᠢᠭᠤᠯᠵᠤ ᠬᠤᠳᠠᠯᠳᠤᠭᠠᠴᠢᠨ ᠢ ᠳᠣᠲᠣᠨᠣᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠪᠡ | ᠃ | ᠰᠦᠨ ᠱᠤᠤ ᠴᠧᠩ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠳᠤ ᠬᠤᠪᠢ ᠨᠡᠮᠡᠷᠢ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ | ᠬᠥᠭᠵᠢᠯᠲᠡ ᠳᠤ ᠠᠷᠭ᠎ᠠ ᠤᠬᠠᠭᠠᠨ ᠳᠡᠪᠰᠢᠭᠦᠯᠬᠦ ᠲᠤᠬᠠᠢ ᠬᠦᠰᠡᠯ ᠡᠷᠡᠮᠡᠯᠵᠡᠯ ᠳᠤᠷᠠᠳᠪᠠ᠃ ᠲᠡᠷᠡ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠳᠤ ᠥᠪᠥᠷ ᠮᠣᠩᠭᠤᠯ ᠵᠢᠳᠬᠦᠯ ᠴᠢᠷᠮᠠᠶᠢᠯᠭ᠎ᠠ ᠭᠠᠷᠭᠠᠬᠤ ᠪᠠᠷ ᠪᠠᠷᠠᠬᠤ ᠦᠭᠡᠢ ᠪᠠᠰᠠ ᠶᠡᠭᠡ ᠠᠮᠵᠢᠯᠲᠠ ᠪᠦᠳᠦᠮᠵᠢ ᠶᠢ ᠪᠦᠲᠦᠭᠡᠵᠦ ᠪᠣᠯᠣᠨ᠎ᠠ᠃ ᠥᠷᠭᠡᠨ | ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢᠲᠡᠭᠡᠯ ᠵᠣᠷᠢᠭ ᠢᠶᠠᠨ ᠬᠥᠪᠴᠢᠯᠡᠵᠦ᠂ ᠮᠡᠷᠭᠡᠵᠢᠯ᠂ ᠡᠵᠡᠩᠨᠡᠯᠲᠡ ᠶᠢᠨ ᠭᠡᠯᠪᠡᠷᠢ᠂ ᠬᠠᠮᠢᠶᠠᠷᠤᠯᠲᠠ᠂ ᠳᠦᠷᠢᠮ | ᠵᠡᠷᠭᠡ ᠡᠯ᠎ᠡ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠲᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢ ᠲᠦᠷᠭᠡᠳᠬᠡᠵᠦ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠪᠤᠯᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠰᠠᠶᠢᠨ ᠪᠣᠯᠪᠠᠯ ᠥᠪᠥᠷ ᠮᠣᠩᠭᠤᠯ ᠰᠠᠶ᠋ᠢ ᠰᠠᠶᠢᠨ ᠪᠣᠯᠵᠤ᠂ ᠥᠪᠥᠷ ᠮᠣᠩᠭᠤᠯ ᠰᠠᠶᠢᠨ ᠪᠣᠯᠪᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠠᠩ ᠰᠠᠶᠢᠨ | ᠪᠣᠯᠣᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠤᠰ ᠲᠤᠰ ᠤᠨ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠠᠵᠤ | ᠠᠬᠤᠢ ᠯᠤᠭ᠎ᠠ ᠠᠶᠢᠵᠠᠮ ᠨᠢᠭᠡᠲᠡᠢ ᠠᠯᠬᠤᠭ᠎ᠠ ᠠᠳᠠᠯᠢ ᠪᠠᠶᠢᠬᠤ᠂ ᠬᠠᠷᠢᠯᠴᠠᠨ ᠠᠬᠢᠭᠤᠯᠤᠨ ᠬᠥᠭᠵᠢᠬᠦ ᠲᠠᠯ᠎ᠠ ᠠᠴᠠ ᠪᠣᠳᠣᠯᠬᠢᠯᠠᠵᠤ᠂ ᠪᠠᠶᠢᠳᠠᠯ ᠪᠣᠯᠣᠨ ᠠᠰᠠᠭᠤᠳᠠᠯ ᠢ | ᠢᠳᠡᠪᠬᠢᠲᠡᠢ ᠲᠤᠰᠬᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠨ ᠥᠭᠴᠦ᠂ ᠪᠢᠳᠡ | ᠬᠠᠮᠲᠤ ᠪᠠᠷ ᠴᠢᠷᠮᠠᠶᠢᠵᠤ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠵᠡᠭᠡᠶ᠎ᠡ ᠭᠡᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠢ ᠯᠢ ᠰᠢᠨ ᠬᠤᠷᠠᠯ ᠳᠤ ᠣᠷᠣᠯᠴᠠᠪᠠ᠃ | |