ᠯᠢᠦ ᠹᠧᠩ ᠴᠢᠨ᠂ ᠰᠦ ᠮᠸᠢ ᠯᠢ᠂ ᠶᠤᠸᠠᠨ ᠫᠧᠩ ︽ᠠᠵᠤ ᠠᠬᠤᠢ ᠨᠡᠶᠢᠭᠡᠮ ᠤᠨ ᠪᠠᠶᠢᠭᠤᠯᠤᠯ ᠤᠨ ᠬᠠᠷᠢᠴᠠᠭᠤᠯᠤᠯ︾ ᠰᠡᠳᠬᠦᠯ ᠤᠨ 2023 ᠣᠨ ᠤ 4 | ᠳ᠋ᠦ᠋ᠭᠡᠷ ᠬᠤᠭᠤᠴᠠᠭ᠎ᠠ ᠳᠤ ᠥᠭᠦᠯᠡᠯ ᠨᠡᠶᠢᠲᠡᠯᠡᠵᠦ᠂ ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠯᠠᠩ ᠤᠨ ᠬᠠᠩᠭᠠᠯᠭ᠎ᠠ ᠶᠢᠨ ᠬᠡᠯᠬᠢᠶ᠎ᠡ ᠶᠢ ᠨᠢᠭᠡᠳᠬᠡᠨ ᠡᠵᠡᠮᠳᠡᠬᠦ ᠳᠤ | ᠦᠵᠡᠭᠦᠯᠦᠭᠰᠡᠨ ᠬᠤᠪᠢ ᠨᠡᠮᠡᠷᠢ ᠶᠢ ᠰᠢᠯᠭᠠᠨ ᠪᠠᠶᠢᠴᠠᠭᠠᠭᠰᠠᠨ ᠰᠤᠳᠤᠯᠭᠠᠨ ᠤ ᠦᠷ᠎ᠡ ᠳ᠋ᠦᠩ ᠨᠢ ᠳᠣᠣᠷᠠᠬᠢ ᠮᠡᠲᠦ᠄ | 1. ᠲᠠᠷᠢᠶᠠᠴᠢᠳ ᠤᠨ ᠬᠤᠷᠰᠢᠶ᠎ᠠ ᠨᠢ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠰᠢᠭᠰᠢᠨ ᠰᠣᠩᠭᠤᠬᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠠᠩᠰᠠ | ᠡᠪᠬᠡᠮᠡᠯ ᠪᠠᠶᠢᠭᠤᠯᠬᠤ᠂ ᠭᠠᠵᠠᠷ ᠰᠢᠷᠣᠢ ᠶᠢᠨ ᠡᠷᠭᠢᠯᠲᠡ ᠳᠤ ᠣᠷᠣᠬᠤ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷᠢᠯ ᠢᠶᠠᠷ ᠲᠠᠷᠢᠶᠠᠯᠠᠬᠤ ᠡᠷᠦᠭᠡ ᠶᠢᠨ ᠣᠨᠳᠣᠣᠰᠢᠬᠤ | ᠴᠢᠨᠠᠷ ᠢ ᠬᠢᠵᠠᠭᠠᠷᠯᠠᠵᠤ᠂ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠢ ᠠᠬᠢᠭᠤᠯᠬᠤ ᠪᠣᠯᠣᠨ᠎ᠠ᠃ | 2. ᠰᠢᠯᠢᠳᠡᠭ ᠬᠤᠷᠰᠢᠶ᠎ᠠ ᠨᠢ ᠣᠯᠠᠨ ᠵᠦᠢᠯ ᠤᠨ ᠪᠣᠷᠤᠯᠠᠭᠤᠯᠭ᠎ᠠ ᠶᠢᠨ ᠠᠷᠭ᠎ᠠ ᠵᠠᠮ ᠲᠠᠢ ᠪᠠᠶᠢᠳᠠᠭ ᠠᠴᠠ ᠬᠤᠷᠰᠢᠶ᠎ᠠ ᠶᠢᠨ ᠲᠣᠰ ᠪᠡᠶ᠎ᠡ ᠶᠢᠨ ᠢᠲᠡᠭᠡᠮᠵᠢ ᠶᠢᠨ | ᠦᠷᠲᠡᠭ ᠢᠶᠠᠨ ᠳᠡᠭᠡᠭᠰᠢᠯᠡᠭᠦᠯᠵᠦ ᠴᠢᠲᠠᠲᠠᠭ ; ᠡᠭᠦᠨ ᠤ ᠤᠯᠠᠮ ᠢᠶᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠢᠲᠡᠭᠡᠮᠵᠢᠲᠡᠢ ᠪᠠᠶᠢᠵᠤ᠂ ᠲᠠᠷᠢᠶᠠᠯᠠᠬᠤ | ᠡᠷᠦᠭᠡ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠡᠮᠵᠢᠯᠭᠡ ᠣᠯᠬᠤ ᠨᠣᠷᠮ᠎ᠠ ᠶᠢ ᠳᠡᠭᠡᠭᠰᠢᠯᠡᠭᠦᠯᠵᠦ ᠴᠢᠳᠠᠳᠠᠭ᠃ | 3. ᠬᠤᠷᠰᠢᠶ᠎ᠠ ᠡᠷᠭᠢᠯᠡᠭᠴᠢ ᠶᠢᠨ ᠴᠢᠳᠠᠪᠤᠷᠢ᠂ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠯᠲᠠ ᠪᠠ ᠡᠵᠡᠮᠳᠡᠯ ᠳᠤ ᠲᠦᠰᠢᠭᠯᠡᠨ᠂ ᠲᠠᠷᠢᠶᠠᠯᠠᠬᠤ ᠡᠷᠦᠭᠡ ᠶᠢᠨ | ᠮᠡᠷᠭᠡᠵᠢᠯ ᠤᠨ ᠦᠢᠯᠡᠴᠢᠯᠡᠭᠡ ᠳᠡᠮᠵᠢᠯᠭᠡ ᠣᠯᠬᠤ ᠲᠣᠬᠢᠶᠠᠯᠳᠤᠮᠵᠢ ᠶᠢ ᠢᠯᠡᠳᠲᠡ ᠨᠡᠮᠡᠭᠳᠡᠭᠦᠯᠵᠦ ᠴᠢᠳᠠᠨ᠎ᠠ᠃ | 4. ᠬᠤᠷᠰᠢᠶ᠎ᠠ ᠨᠢ ᠥᠪᠡᠷ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠬᠤᠷᠰᠢᠶ᠎ᠠ ᠡᠷᠭᠢᠯᠡᠭᠴᠢ ᠶᠢᠨ ᠴᠢᠳᠠᠪᠤᠷᠢ᠂ ᠵᠠᠰᠠᠭ ᠤᠨ ᠣᠷᠳᠣᠨ ᠤ ᠨᠥᠬᠦᠪᠦᠷᠢ ᠵᠡᠷᠭᠡ ᠳᠤ | ᠲᠦᠰᠢᠭᠯᠡᠨ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡ ᠪᠣᠯᠣᠨ ᠦᠵᠦᠭᠦᠷ ᠤᠨ ᠵᠠᠬ᠎ᠠ ᠳᠡᠯᠭᠡᠭᠦᠷ ᠵᠡᠷᠭᠡ ᠬᠠᠩᠭᠠᠯᠭ᠎ᠠ ᠶᠢᠨ ᠬᠡᠯᠬᠢᠶ᠎ᠡ ᠶᠢ ᠪᠦᠲᠦᠮᠵᠢᠲᠡᠢ | ᠨᠢᠭᠡᠳᠬᠡᠵᠦ᠂ ᠬᠠᠩᠭᠠᠯᠭ᠎ᠠ ᠶᠢᠨ ᠬᠡᠯᠬᠢᠶ᠎ᠡ ᠶᠢᠨ ᠡᠵᠡᠩᠨᠡᠯᠲᠡ ᠶᠢᠨ ᠦᠷᠳᠡᠭ ᠢ ᠢᠯᠡᠳᠲᠡ ᠪᠠᠭᠤᠷᠠᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ᠄ | ᠨᠢᠭᠡ ᠳᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠤᠯᠬᠤ ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠯᠠᠩ ᠤᠨ | ᠬᠠᠩᠭᠠᠯᠭ᠎ᠠ ᠶᠢᠨ ᠬᠡᠯᠬᠢᠶ᠎ᠡ ᠳᠠᠬᠢ ᠨᠢᠭᠡᠳᠬᠡᠨ ᠡᠵᠡᠮᠳᠡᠬᠦ ᠴᠢᠳᠠᠮᠵᠢ ᠶᠢ ᠪᠤᠶᠢᠵᠢᠭᠤᠯᠬᠤ ᠬᠡᠷᠡᠭᠲᠡᠢ᠃ | ᠬᠤᠶᠠᠷ ᠲᠤ᠂ ᠲᠠᠷᠢᠶᠠᠯᠠᠩ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠥᠭᠵᠢᠯᠲᠡ ᠶᠢ ᠶᠡᠭᠡ ᠪᠠᠷ ᠬᠥᠭᠵᠢᠭᠦᠯᠦᠨ ᠠᠬᠢᠭᠤᠯᠬᠤ ᠬᠡᠷᠡᠭᠲᠡᠢ᠃ | ᠭᠤᠷᠪᠠ ᠳᠤ᠂ ᠲᠠᠷᠢᠶᠠᠴᠢᠳ ᠤᠨ ᠬᠤᠷᠰᠢᠶ᠎ᠠ ᠶᠢᠨ ᠶᠠᠰᠤ ᠴᠢᠨᠠᠷ ᠪᠠ ᠵᠡᠷᠭᠡ ᠳᠡᠰ ᠢ ᠳᠡᠭᠡᠭᠰᠢᠯᠡᠭᠦᠯᠭᠦ ᠬᠡᠷᠡᠭᠲᠡᠢ᠃ | ᠳᠥᠷᠪᠡ ᠳᠤ᠂ ᠲᠠᠷᠢᠶᠠᠯᠠᠬᠤ ᠡᠷᠦᠭᠡ ᠶᠢᠨ ᠲᠠᠩᠰᠠ ᠡᠪᠬᠡᠮᠡᠯ ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠯᠲᠠ ᠪᠠ ᠳᠠᠷᠢᠵᠤ ᠲᠡᠵᠢᠭᠡᠬᠦ | ᠶᠠᠰᠤ ᠴᠢᠨᠠᠷ ᠤᠨ ᠬᠠᠮᠢᠶᠠᠷᠤᠯᠲᠠ ᠵᠡᠷᠭᠡ ᠪᠠᠷ ᠬᠤᠷᠰᠢᠶ᠎ᠠ ᠶᠢᠨ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ | ︵︽ᠰᠢᠨᠬᠤᠸᠠ ᠵᠣᠬᠢᠶᠠᠯ ᠤᠨ ᠱᠦᠭᠦᠮᠡᠭ︾ ᠰᠡᠳᠬᠦᠯ ᠠᠴᠠ︶ |