ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠭᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠠᠤᠯᠢ ᠶᠣᠰᠣᠭᠠᠷ ᠰᠤᠷᠭᠠᠭᠤᠯᠢ ᠡᠷᠭᠢᠯᠡᠬᠦ ᠶᠢ ᠠᠬᠢᠭᠤᠯᠤᠨ᠂ ᠠᠰᠠᠷᠠᠨ ᠬᠥᠮᠦᠵᠢᠭᠦᠯᠬᠦ ᠶᠠᠰᠤ ᠴᠢᠨᠠᠷ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠤᠰᠠᠳᠠ᠂ ︽ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠵᠢᠯ ᠤᠨ ᠪᠠᠶᠢᠴᠠᠭᠠᠯᠲᠠ ᠶᠢᠨ ᠠᠵᠢᠯ ᠢ | ᠥᠷᠨᠢᠭᠦᠯᠬᠦ ᠲᠤᠬᠠᠶ ᠮᠡᠳᠡᠭᠳᠡᠯ︾ ︵ᠮᠤᠷᠢᠨᠳᠠᠪᠠᠭ᠎ᠠ ᠥᠰᠥᠭ ﹇2020﹈ 46 ᠳ᠋ᠤᠭᠠᠷ ︶ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠮᠬᠢ ᠵᠢᠷᠤᠮ ᠲᠠᠢ | ᠵᠣᠬᠢᠶᠠᠨ ᠪᠠᠶᠢᠭᠤᠯᠵᠤ᠂ 2024 ᠣᠨ ᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠵᠢᠯ ᠤᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ | ᠠᠬᠢᠭᠤᠯᠤᠨ᠎ᠠ᠃ | ᠲᠣᠰ ᠤᠳᠠᠭᠠᠨ ᠤ ᠵᠢᠯ ᠤᠨ ᠪᠠᠶᠢᠴᠠᠭᠠᠯᠲᠠ ᠶᠢᠨ ᠠᠵᠢᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ | ᠬᠡᠤᠬᠡᠳ ᠤᠨ ᠴᠡᠴᠡᠷᠯᠢᠭ ᠢ ᠦᠨᠡᠯᠡᠨ ᠵᠢᠱᠢᠬᠦ ᠪᠠᠷᠢᠮᠵᠢᠶ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ | ᠠᠵᠢᠯᠯᠠᠭ᠎ᠠ ᠶᠢ ᠵᠢᠷᠤᠮᠵᠢᠭᠤᠯᠤᠨ᠂ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ | ᠂ ᠪᠣᠶ ᠪᠥᠬᠦᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠬᠠᠨᠳᠤᠭᠤᠯᠤᠭᠰᠠᠨ ᠪᠠᠶᠢᠴᠠᠭᠠᠯᠲᠠ ᠶᠢ ᠨᠢᠭᠡ ᠤᠳᠠᠭ᠎ᠠ ᠥᠷᠨᠢᠭᠦᠯᠪᠡ᠃ ᠪᠠᠶᠢᠴᠠᠭᠠᠬᠤ | ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ | ᠦᠵᠡᠬᠦ᠂ ᠶᠠᠷᠢᠯᠴᠠᠬᠤ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠠᠷᠠᠳ ᠠᠴᠠ ᠡᠷᠭᠢᠯᠡᠭᠰᠡᠨ ᠡᠯ᠎ᠡ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠭᠢᠯᠡᠬᠦ | ᠨᠥᠬᠦᠴᠡᠯ᠂ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ᠂ | ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ᠂ ᠬᠡᠤᠬᠡᠳ ᠤᠨ ᠨᠢᠭᠡ ᠡᠳᠦᠷ ᠤᠨ ᠠᠵᠢᠯᠯᠠᠭᠠᠨ ᠤ ᠶᠠᠪᠤᠴᠠ᠂ ᠢᠳᠡᠭᠡᠨ ᠤ ᠠᠮᠤᠷ ᠲᠦᠪᠰᠢᠨ ᠤ ᠢᠳᠡᠭᠡᠨ ᠤᠮᠳᠠᠭᠠᠨ ᠤ | ᠵᠠᠷᠤᠳᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠪᠥᠬᠦ ᠲᠠᠯ᠎ᠠ ᠪᠠᠷ ᠨᠠᠷᠢᠨ ᠪᠠᠶᠢᠴᠠᠭᠠᠭᠰᠠᠨ ᠪᠥᠭᠡᠳ ᠵᠢᠯ ᠤᠨ ᠪᠠᠶᠢᠴᠠᠭᠠᠯᠲᠠ ᠶᠢᠨ | ᠬᠠᠷᠢᠭᠤ ᠲᠤᠰᠬᠠᠬᠤ ᠬᠦᠰᠦᠨᠦᠭᠲᠦ ᠪᠠᠭᠤᠯᠭᠠᠭᠰᠠᠨ ᠪᠠᠶᠢᠨ᠎ᠠ᠃ | ᠲᠣᠰ ᠤᠳᠠᠭᠠᠨ ᠤ ᠵᠢᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠳᠡᠮᠵᠢᠨ᠂ ᠬᠡᠤᠬᠡᠳ ᠤᠨ ᠴᠡᠴᠡᠷᠯᠢᠭ ᠤᠨ ᠥᠭᠡᠷᠡᠴᠢᠯᠡᠯᠲᠡ ᠪᠠ ᠬᠥᠭᠵᠢᠯᠲᠡ ᠶᠢ | ᠤᠯᠠᠮ ᠨᠢᠭᠡ ᠠᠯᠬᠤᠮ ᠠᠬᠢᠭᠤᠯᠵᠤ᠂ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ | ᠬᠡᠤᠬᠡᠳ ᠤᠨ ᠴᠡᠴᠡᠷᠯᠢᠭ ᠤᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠢᠮᠳᠠᠭᠤᠯᠵᠤ᠂ ᠡᠯ᠎ᠡ ᠲᠠᠯ᠎ᠠ ᠶᠢᠨ | ᠠᠵᠢᠯ ᠢ ᠵᠢᠷᠤᠮᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠠᠯ᠎ᠠ ᠶᠢᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠵᠢᠯ ᠤᠨ | ᠪᠠᠶᠢᠴᠠᠭᠠᠯᠲᠠ ᠶᠢᠨ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶᠢᠵᠢᠭᠤᠯᠬᠤ ᠶᠢ ᠪᠠᠲᠤᠯᠠᠬᠤ ᠶᠢᠨ ᠬᠠᠮᠲᠤ ᠵᠢᠯ ᠤᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ ᠵᠢᠯ ᠤᠨ ᠪᠠᠶᠢᠴᠠᠭᠠᠯᠲᠠ ᠶᠢᠨ ᠳ᠋ᠦᠩᠨᠡᠯᠲᠡ | ᠭᠠᠷᠭᠠᠬᠤ ᠶᠢᠨ ᠬᠠᠮᠲᠤ ᠵᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠨᠡᠶᠢᠭᠡᠮ ᠨᠡᠶᠢᠲᠡ ᠳᠤ ᠵᠠᠷᠯᠠᠨ᠎ᠠ᠃ | |