ᠡᠨᠡ ᠵᠢᠯ᠂ ᠥᠪᠡᠷᠲᠡᠭᠡᠨ ᠵᠠᠰᠠᠬᠤ ᠣᠷᠣᠨ ᠠᠴᠠ ᠵᠠᠰᠠᠭ ᠵᠠᠬᠢᠷᠭᠠᠨ ᠤ 400 ᠲᠣᠰᠬᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ᠂ ᠬᠦᠮᠦᠨ | ᠠᠮᠠ ᠶᠢᠨ ᠲᠤᠭ᠎ᠠ ᠨᠢ 3000 ᠶᠢ ᠳᠠᠪᠠᠭᠰᠠᠨ ᠵᠠᠰᠠᠭ ᠵᠠᠬᠢᠷᠭᠠᠨ ᠤ 10 ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠡᠭᠦᠷᠭᠡ ᠶᠢ ᠪᠡᠶᠡᠯᠡᠭᠦᠯᠬᠦ ᠪᠠᠷ ᠲᠤᠳᠤᠷᠬᠠᠢ ᠲᠣᠭᠲᠠᠭᠠᠪᠠ᠃ ᠡᠭᠦᠨ ᠳᠤ᠂ ᠵᠠᠰᠠᠭ ᠵᠠᠬᠢᠷᠭᠠᠨ ᠤ 400 ᠲᠣᠰᠬᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠨᠢ | 11 ᠠᠶᠢᠮᠠᠭ ᠬᠤᠲᠠ᠂ 78 ᠬᠤᠰᠢᠭᠤ ᠰᠢᠶᠠᠨ᠂ 194 ᠰᠢᠶᠠᠩ ᠪᠠᠯᠭᠠᠰᠤ ᠲᠠᠢ ᠬᠤᠯᠪᠣᠭᠳᠠᠵᠤ᠂ 11 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠡᠨᠡ ᠬᠦ | ᠡᠭᠦᠷᠭᠡ ᠪᠠᠨ ᠪᠦᠬᠦᠨ ᠢ ᠪᠡᠶᠡᠯᠡᠭᠦᠯᠪᠡ︔ ᠬᠥᠮᠦᠨ ᠠᠮᠠ ᠶᠢᠨ ᠲᠤᠭ᠎ᠠ ᠨᠢ 3000 ᠶᠢ ᠳᠠᠪᠠᠭᠰᠠᠨ ᠵᠠᠰᠠᠭ ᠵᠠᠬᠢᠷᠭᠠᠨ ᠤ 10 ᠲᠣᠰᠬᠤᠨ ᠤ ᠠᠮᠢᠳᠤᠷᠠᠯ ᠤᠨ ᠪᠣᠬᠢᠷ | ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠠᠯ᠎ᠠ ᠪᠠᠷ᠂ ᠣᠳᠣᠬᠠᠨ ᠳᠤ ᠨᠢᠭᠡᠨᠲᠡ ᠵᠠᠰᠠᠭ ᠵᠠᠬᠢᠷᠭᠠᠨ ᠤ 6 ᠲᠣᠰᠬᠤᠨ ᠤ ᠠᠮᠢᠳᠤᠷᠠᠯ ᠤᠨ ᠪᠣᠬᠢᠷ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠵᠦ᠂ ᠪᠤᠰᠤᠳ ᠲᠥᠷᠥᠯ ᠵᠦᠢᠯ ᠢ ᠵᠢᠱᠢᠯᠲᠡ ᠪᠠᠷ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠡᠶᠡᠯᠡᠭᠦᠯᠬᠦ ᠪᠣᠯᠣᠨ᠎ᠠ᠃ ︵ᠠᠮᠢ ᠠᠬᠤᠢ ᠣᠷᠴᠢᠨ ᠲᠣᠭᠤᠷᠢᠨ ᠤ ᠲᠢᠩᠬᠢᠮ︶ | | |