ᠬᠥᠳᠡᠯᠮᠦᠷᠢ ᠶᠢᠨ ᠠᠵᠢᠯᠳᠠᠨ ᠤ ᠬᠠᠷᠢᠴᠠᠭ᠎ᠠ ᠶᠢᠨ ᠡᠶ᠎ᠡ ᠵᠣᠬᠢᠴᠠᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠭᠡᠭᠡᠨ | ᠭᠤᠣᠯ ᠬᠤᠳᠠ ᠶᠢᠨ ᠬᠥᠳᠡᠯᠮᠦᠷᠢ ᠶᠢᠨ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠬᠥᠳᠡᠯᠮᠦᠷᠢ ᠶᠢᠨ ᠮᠠᠷᠭᠤᠯᠳᠤᠭᠠᠨ ᠢ | ᠡᠶᠡᠳᠡᠭᠦᠯᠵᠦ ᠵᠥᠷᠢᠴᠡᠯ ᠢ ᠰᠢᠢᠳᠪᠦᠷᠢᠯᠡᠬᠦ ︽ᠲᠣᠬᠢᠷᠠᠭᠤᠯᠤᠭᠴᠢ︾ ᠶᠢᠨ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠠᠵᠢᠯ ᠤᠨ ᠲᠤᠰᠢᠶᠠᠯ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠵᠦ᠂ ᠬᠥᠳᠡᠯᠮᠦᠷᠢ ᠶᠢᠨ | ᠬᠥᠨᠳᠡᠯᠡᠨ ᠠᠴᠠ ᠲᠠᠰᠤᠯᠬᠤ ᠬᠡᠷᠡᠭ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠪᠦᠭᠡᠳ ᠲᠣᠭᠲᠠᠭᠤᠨ | ᠬᠥᠳᠡᠯᠮᠦᠷᠢ ᠶᠢᠨ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃ | ᠡᠶᠡᠳᠡᠭᠦᠯᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠢᠭᠤᠷᠠᠯᠳᠤᠭᠠᠨ ᠤ ᠬᠡᠷᠡᠭ ᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃ | ᠮᠠᠨ ᠤ ᠬᠤᠷᠢᠶ᠎ᠠ ᠲᠦᠷᠭᠡᠨ ᠪᠠᠶᠢᠭᠤᠯᠬᠤ᠂ ᠲᠦᠷᠭᠡᠨ ᠡᠶᠡᠳᠡᠭᠦᠯᠬᠦ᠂ ᠲᠦᠷᠭᠡᠨ ᠳᠠᠭᠤᠰᠬᠠᠬᠤ ᠬᠡᠷᠡᠭ ᠰᠢᠢᠳᠪᠦᠷᠢᠯᠡᠬᠦ ᠲᠣᠭᠲᠠᠴᠠ ᠶᠢ ᠭᠦᠢᠴᠡᠳ ᠪᠠᠳᠠᠷᠠᠭᠤᠯᠵᠤ᠂ ︽ | ᠤᠯᠠᠨ ᠲᠠᠯ᠎ᠠ ᠪᠠᠷ ᠨᠡᠪᠲᠡᠷᠡᠯᠴᠡᠬᠦ᠂ ᠢᠳᠡᠪᠬᠢᠲᠡᠶ ᠪᠠᠷ ᠵᠣᠬᠢᠴᠠᠭᠤᠯᠬᠤ᠂ ᠲᠦᠷᠦ ᠶᠢᠨ ᠪᠤᠳᠤᠯᠭ᠎ᠠ ᠶᠢ ᠲᠣᠳᠣᠷᠬᠠᠶ ᠶᠠᠷᠢᠬᠤ᠂ ᠬᠡᠷᠡᠭ ᠳᠤᠷᠠᠳᠴᠤ ᠬᠠᠤᠯᠢ ᠬᠡᠯᠡᠬᠦ᠂ | ᠲᠦᠷᠭᠡᠬᠡᠨ ᠠᠷᠢᠯᠭᠠᠬᠤ︾ ᠵᠡᠷᠭᠡ ᠠᠮᠢᠳᠤᠯᠢᠭ ᠪᠥᠭᠡᠳ ᠤᠯᠠᠨ ᠶᠠᠩᠵᠤ ᠶᠢᠨ ᠡᠶᠡᠳᠡᠭᠦᠯᠬᠦ ᠠᠷᠭ᠎ᠠ ᠮᠠᠶ᠋ᠢᠭ ᠢ ᠠᠪᠴᠤ᠂ ᠬᠥᠳᠡᠯᠮᠦᠷᠢ ᠶᠢᠨ ᠠᠵᠢᠯᠳᠠᠨ ᠤ ᠶᠠᠪᠤᠳᠠᠯ ᠤᠨ | ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠷᠡᠭ ᠰᠢᠢᠳᠪᠦᠷᠢᠯᠡᠬᠦ ᠴᠠᠭ ᠢ ᠪᠣᠭᠤᠨᠢᠰᠬᠠᠨ᠂ ᠡᠷᠬᠡ ᠪᠠᠨ | ᠬᠠᠮᠠᠭᠠᠯᠠᠬᠤ ᠥᠪᠡᠷ ᠤᠨ ᠦᠷᠳᠡᠭ ᠢ ᠠᠷᠪᠢᠯᠠᠵᠤ᠂ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠠᠰᠢᠭ ᠲᠤᠰᠠ ᠶᠢ ᠦᠨᠡᠨ ᠬᠦ ᠬᠠᠮᠠᠭᠠᠯᠠᠵᠤ᠂ | ᠬᠡᠷᠡᠭ ᠢ ᠳᠠᠷᠤᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠃ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠬᠥᠨᠳᠡᠯᠡᠨ ᠠᠴᠠ | ᠲᠠᠰᠤᠯᠬᠤ ᠬᠤᠷᠢᠶ᠎ᠠ ᠦᠷᠭᠦᠯᠵᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠤᠰᠤᠳ ᠰᠠᠯᠠᠭ᠎ᠠ ᠮᠥᠴᠢᠷ ᠲᠠᠢ | ᠬᠤᠯᠪᠣᠭᠠᠯᠠᠨ ᠠᠵᠤ ᠠᠬᠤᠶᠢᠯᠠᠯ᠂ ᠵᠡᠭᠡᠯᠢ ᠭᠤᠳᠤᠮᠵᠢ ᠳᠤ ᠬᠦᠷᠴᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ | ᠠᠷᠠᠳ ᠲᠦᠮᠡᠨ ᠪᠠ ᠬᠥᠮᠦᠨ ᠬᠡᠷᠡᠭᠯᠡᠬᠦ ᠨᠢᠭᠡᠴᠢ ᠳᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠪᠥᠬᠦ ᠲᠠᠯ᠎ᠠ ᠶᠢᠨ᠂ ᠳᠥᠭᠦᠮ ᠳᠥᠲᠡ | ᠦᠢᠯᠡᠴᠢᠯᠡᠭᠡ ᠬᠠᠩᠭᠠᠨ᠎ᠠ᠃ | ᠡᠨᠡ ᠵᠢᠯ ᠠᠴᠠ ᠨᠠᠰᠢ᠂ ᠮᠠᠨ ᠤ ᠬᠤᠷᠢᠶ᠎ᠠ ᠬᠥᠳᠡᠯᠮᠦᠷᠢ ᠶᠢᠨ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠨᠡᠶᠢᠲᠡ 35 ᠬᠤᠪᠢ ᠭᠥᠯᠢᠶᠡᠨ ᠠᠪᠴᠤ᠂ | 18 ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ 16 ᠬᠡᠷᠡᠭ ᠢ ᠡᠶᠡᠳᠡᠭᠦᠯᠦᠨ ᠳᠠᠭᠤᠰᠬᠠᠵᠤ᠂ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ 88. | 89% ᠳᠤ ᠬᠦᠷᠴᠦ᠂ ᠬᠤᠶᠠᠷ ᠲᠠᠯ᠎ᠠ ᠶᠢᠨ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠨ᠂ ᠠᠷᠠᠳ ᠣᠯᠠᠨ ᠳᠤ ᠬᠠᠨᠤᠮᠵᠢᠲᠠᠶ ᠲᠥᠯᠥᠪᠦᠷᠢ ᠣᠯᠭᠤᠭᠰᠠᠨ | ᠪᠠᠶᠢᠨ᠎ᠠ᠃ |