11 ᠰᠠᠷ᠎ᠠ ᠶᠢᠨ 28 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠳ ᠢ ᠬᠦᠮᠦᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠬᠦ ᠮᠥᠷᠳᠡᠨ ᠦᠢᠯᠡᠴᠢᠯᠡᠬᠦ ᠵᠢᠴᠢ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠣᠯᠪᠠᠰᠤᠷᠠᠯ ᠤᠨ ᠠᠩᠭᠢ ᠶᠢᠨ | ᠰᠤᠷᠤᠯᠭ᠎ᠠ ᠡᠬᠢᠯᠡᠪᠡ᠃ ᠪᠣᠯᠪᠠᠰᠤᠷᠠᠯ ᠨᠢ ︽ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ ᠭᠤᠣᠯ ᠪᠣᠯᠭᠠᠵᠤ᠂ ᠰᠤᠷᠤᠭᠴᠢᠳ ᠤᠨ ᠴᠢᠳᠠᠪᠤᠷᠢ ᠬᠡᠪ ᠴᠢᠨᠠᠷ ᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠤᠷᠤᠭᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠭᠠᠷᠳᠠᠬᠤ ᠴᠡᠭ ᠪᠣᠯᠭᠠᠬᠤ︾ ᠶᠢᠨ ᠲᠣᠭᠤᠷᠢᠨ ᠳᠤ᠂ ᠬᠢᠴᠢᠶᠡᠯ ᠢ | ᠨᠠᠷᠢᠨ ᠨᠢᠮᠪᠠᠶ ᠪᠠᠶᠢᠷᠢᠯᠠᠭᠤᠯᠵᠤ᠂ ᠦᠢᠯᠡᠳᠦᠯᠭᠡ ᠶᠢ ᠵᠣᠬᠢᠶᠠᠨ ᠪᠠᠶᠢᠭᠤᠯᠵᠤ᠂ ᠪᠠᠭᠰᠢ ᠶᠢ ᠤᠷᠢᠵᠤ᠂ ᠰᠤᠷᠤᠭᠴᠢᠳ ᠢ ᠣᠯᠤᠯᠲᠠ ᠲᠠᠢ᠂ ᠲᠦᠷᠦᠭᠳᠡᠯ ᠲᠠᠢ᠂ | ᠣᠶᠢᠯᠠᠭᠠᠯᠲᠠ ᠲᠠᠢ᠂ ᠤᠬᠠᠮᠰᠠᠷ ᠲᠠᠢ ᠪᠣᠯᠭᠠᠬᠤ ᠪᠠᠷ ᠴᠢᠷᠮᠠᠶᠢᠪᠠ᠃ | | | ᠪᠣᠯᠪᠠᠰᠤᠷᠠᠯ ᠳᠤ᠂ ᠪᠠᠭᠰᠢ ᠠᠴᠠ ᠰᠤᠷᠤᠭᠴᠢᠳ ᠲᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠨ ᠪᠣᠷᠣᠯᠠᠭᠤᠯᠤᠯᠲᠠ ᠶᠢ | ᠪᠥᠬᠦ ᠲᠠᠯ᠎ᠠ ᠪᠠᠷ ᠰᠢᠨᠡᠳᠬᠡᠬᠦ ᠠᠷᠭ᠎ᠠ᠂ ᠤᠯᠠᠮᠵᠢᠯᠠᠯᠲᠤ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ᠂ ᠨᠠᠮᠤᠷ ᠡᠪᠦᠯ ᠤᠨ ᠤᠯᠠᠷᠢᠯ ᠳᠤ ᠪᠠᠶᠢᠩᠭᠤ ᠲᠣᠬᠢᠶᠠᠯᠳᠤᠳᠠᠭ | ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠵᠡᠷᠭᠡ ᠲᠠᠯ᠎ᠠ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ᠃ ᠰᠤᠷᠤᠭᠴᠢᠳ ᠨᠠᠷᠢᠨ ᠬᠢᠨᠠᠮᠠᠭᠠᠢ | ᠰᠣᠨᠣᠰᠴᠤ᠂ ᠪᠠᠭᠰᠢ ᠲᠠᠢ ᠢᠳᠡᠪᠬᠢᠲᠡᠢ ᠰᠠᠨᠠᠯ ᠢᠶᠠᠨ ᠰᠣᠯᠢᠯᠴᠠᠬᠤ ᠶᠢᠨ ᠬᠠᠮᠲᠤ᠂ ᠥᠪᠡᠷ ᠤᠨ ᠲᠤᠯᠭᠠᠷᠠᠭᠰᠠᠨ ᠠᠰᠠᠭᠤᠳᠠᠯ ᠪᠠ ᠲᠥᠭᠡᠷᠢᠭᠳᠡᠯ ᠢᠶᠠᠨ ᠳᠤᠷᠠᠳᠪᠠ᠃ | ᠰᠤᠷᠤᠭᠴᠢᠳ᠂ ᠲᠣᠰ ᠤᠳᠠᠭᠠᠨ ᠤ ᠪᠣᠯᠪᠠᠰᠤᠷᠠᠯ ᠠᠴᠠ ᠮᠠᠰᠢ ᠶᠡᠭᠡ ᠠᠰᠢᠭ ᠭᠥᠷᠳᠡᠵᠦ᠂ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠳᠤ ᠰᠢᠨ᠎ᠡ ᠰᠡᠳᠬᠢᠮᠵᠢ | ᠬᠠᠩᠭᠠᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠠᠷᠭ᠎ᠠ ᠵᠠᠮ ᠢ ᠥᠷᠭᠡᠳᠬᠡᠪᠡ ᠭᠡᠵᠦ ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠤᠰᠤᠨ ᠠᠰᠢᠭᠯᠠᠯᠲᠠ︶ ᠤᠨ | ᠲᠣᠪᠴᠢᠶ᠎ᠠ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠣᠯᠠᠨ ᠡᠰᠢᠵᠢᠭᠰᠡᠨ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠳ ᠢ ᠬᠦᠮᠦᠵᠢᠭᠦᠯᠬᠦ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠰᠤᠷᠤᠭᠴᠢᠳ ᠤᠨ ᠮᠥᠷᠳᠡᠵᠦ ᠬᠠᠷᠢᠭᠤ ᠰᠤᠷᠪᠤᠯᠵᠢᠯᠠᠬᠤ ᠡᠷᠴᠢᠮ ᠢ ᠴᠢᠩᠭᠠᠷᠠᠭᠤᠯᠤᠨ᠂ ᠤᠯᠠᠮᠵᠢᠯᠠᠯᠲᠤ ᠮᠠᠯ ᠠᠵᠤ ᠠᠬᠤᠶ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠠᠬᠢᠭᠤᠯᠬᠤ ᠳᠤ ᠬᠦᠴᠦᠨ ᠴᠢᠳᠠᠯ ᠣᠯᠭᠤᠨ᠎ᠠ᠃ | |