ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠮᠧᠩ ᠳ᠋ᠠ ᠶᠢᠩ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠳᠡᠪᠰᠢᠭᠦᠯᠬᠦ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠲᠤ ᠬᠠᠮᠲᠤ ᠪᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠪᠠᠰᠤᠷᠠᠯ ᠪᠠ ᠰᠣᠷᠢᠯᠲᠠ ᠶᠢ ᠦᠨᠡᠨᠬᠦ ᠴᠢᠩᠭᠠᠳᠬᠠᠵᠤ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠨᠠᠩ ᠰᠠᠶᠢᠨ ᠪᠠᠲᠤᠯᠠᠬᠤ ᠶᠢ ᠪᠠᠲᠤᠯᠠᠬᠤ ᠬᠡᠷᠡᠭᠲᠡᠶ ᠭᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠬᠢᠨᠠᠨ ᠬᠠᠮᠢᠶᠠᠷᠬᠤ᠂ ᠵᠢᠯᠣᠭᠤᠳᠬᠤ ᠪᠠ ᠦᠢᠯᠡᠴᠢᠯᠡᠬᠦ ᠵᠡᠷᠭᠡ ᠠᠵᠢᠯ ᠢᠶᠠᠨ ᠴᠢᠩᠭᠠᠳᠬᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ 
ᠢᠷᠡᠯᠲᠡ᠄ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ