ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ | ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ | ᠪᠥᠬᠦ ᠤᠯᠤᠰ ᠲᠤ ᠲᠠᠷᠬᠠᠭᠠᠪᠠ᠃ ᠨᠠᠮ ᠤᠨ ᠰᠤᠷᠲᠠᠯ ᠪᠣᠯ ᠳᠠᠷᠤᠢ ᠨᠠᠮ ᠤᠨ ᠲᠦᠷᠢ ᠲᠥᠷᠬᠦ ᠮᠥᠨ᠂ ᠲᠡᠷᠡ ᠨᠢ ᠬᠥᠮᠦᠨ ᠤ ᠰᠡᠳᠭᠢᠯ ᠤᠨ ᠬᠠᠨᠳᠤᠰᠢ ᠳᠤ | ᠬᠤᠯᠪᠣᠭᠳᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠪᠦᠲᠦᠵᠦ ᠪᠦᠷᠢᠯᠬᠦ ᠶᠢ ᠲᠣᠭᠲᠠᠭᠠᠳᠠᠭ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ | ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠬᠦᠴᠢᠷ ᠰᠡᠳᠦᠪ ᠢ ᠰᠶᠢᠳᠪᠦᠷᠢᠯᠡᠵᠤ᠂ ᠳᠡᠭᠡᠷ᠎ᠡ ᠠᠴᠠ ᠳᠣᠷᠣᠭᠰᠢ ᠲᠤᠭᠤᠰᠢᠯᠠᠭᠤᠯᠵᠤ᠂ ᠳᠡᠭᠡᠷ᠎ᠡ | ᠱᠠᠳᠤ ᠨᠢ ᠳᠣᠤᠷ᠎ᠠ ᠱᠠᠳᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ | ᠠᠳᠬᠤᠬᠤ ᠠᠰᠠᠭᠤᠳᠠᠯ ᠢ ᠰᠢᠢᠳᠪᠦᠷᠢᠯᠡᠪᠡ᠃ ᠨᠠᠢᠮᠠᠨ ᠲᠣᠭᠲᠠᠭᠠᠯ ᠢ ᠨᠢᠭᠡ ᠯᠡ ᠳᠣᠣᠷ᠎ᠠ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠪᠦᠬᠦ ᠲᠠᠯ᠎ᠠ ᠪᠠᠷ | ᠠᠮᠢᠳᠤᠯᠢᠭᠵᠢᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠰᠢᠨᠡᠳᠴᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠮᠠᠨ ᠤ ᠨᠠᠮ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠤᠯᠪᠠ᠃ ᠰᠢ ᠶᠢᠨ ᠫᠢᠩ ᠨᠥᠬᠦᠷ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠨᠡᠶᠢᠳᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠨᠢ ᠠᠯᠤᠰ ᠭᠡᠳᠦ ᠶᠢᠨ ᠬᠠᠷᠠᠯᠲᠠ ᠲᠠᠢ᠂ | ᠠᠭᠤᠯᠤᠭᠳᠠᠬᠤᠨ ᠪᠠᠶᠠᠯᠢᠭ᠂ ᠦᠵᠡᠯ ᠰᠠᠨᠠᠭ᠎ᠠ ᠭᠦᠨᠵᠡᠭᠡᠶ ᠪᠠᠶᠢᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠳᠥᠷᠪᠡᠨ ᠰᠤᠷᠲᠠᠯ︾ ᠢ ᠵᠠᠯᠠᠷᠠᠭᠤᠯᠵᠤ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠲᠤᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ | ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ | ︽ᠥᠭᠦᠯᠡᠯᠲᠡ ᠶᠢᠨ ᠲᠡᠭᠦᠪᠦᠷᠢ︾ ᠨᠢ 9 ᠲᠤᠰᠬᠠᠢ ᠰᠡᠳᠦᠪ ᠬᠤᠪᠢᠶᠠᠵᠤ᠂ ᠨᠡᠶᠢᠳᠡ 299 ᠬᠡᠰᠡᠭ ᠥᠭᠦᠯᠡᠯᠲᠡ ᠲᠠᠢ ᠪᠠᠶᠢᠵᠤ᠂ ᠰᠢ ᠶᠢᠨ ᠫᠢᠩ ᠨᠥᠬᠦᠷ ᠤᠨ | 2012 ᠣᠨ ᠤ 11 ᠰᠠᠷ᠎ᠠ ᠠᠴᠠ 2025 ᠣᠨ ᠤ 2 ᠰᠠᠷ᠎ᠠ ᠪᠣᠯᠲᠠᠯᠠᠬᠢ ᠬᠤᠭᠤᠴᠠᠭᠠᠨ ᠳᠠᠬᠢ ᠮᠡᠳᠡᠭᠦᠯᠦᠯᠲᠡ᠂ ᠶᠠᠷᠢᠶ᠎ᠠ᠂ ᠵᠢᠭᠠᠪᠤᠷᠢ᠂ ᠣᠷᠣᠰᠢᠯ ᠵᠡᠷᠭᠡ 130 | ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ | |