ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠪᠦᠬᠦᠳᠡ ᠬᠤᠷᠠᠯᠳᠤᠭᠠᠨ ᠢ | ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 2025 ᠣᠨ ᠤ | ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠪᠡ᠃ | | ᠯᠢ ᠴᠢᠶᠠᠩ ᠵᠢᠭᠠᠵᠤ ᠭᠠᠷᠭᠠᠬᠤ ᠳᠤ ᠪᠠᠨ᠂ ᠲᠣᠰ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ | ᠡᠬᠢᠨ ᠢᠶᠠᠷ ︽ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ ᠬᠡᠷᠡᠭᠵᠢᠭᠦᠯᠦᠭᠴᠢ᠂ ᠠᠵᠢᠯᠯᠠᠭᠠᠲᠠᠨ᠂ | ᠰᠢᠷᠭᠠᠭᠤ ᠠᠵᠢᠯᠯᠠᠭᠴᠢ ᠪᠣᠯᠣᠨ᠎ᠠ︾ ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠨᠡ ᠬᠦ ᠪᠠᠶᠢᠷᠢ ᠲᠣᠭᠲᠠᠭᠠᠯᠲᠠ ᠪᠣᠯ ᠲᠤᠰ ᠬᠤᠭᠤᠴᠠᠭᠠᠨ ᠤ ᠵᠠᠰᠠᠭ ᠤᠨ | ᠣᠷᠳᠣᠨ ᠤ ᠣᠷᠣᠰᠢᠨ ᠲᠣᠭᠲᠠᠨᠢᠬᠤ ᠶᠢᠨ ᠦᠨᠳᠦᠰᠦ ᠮᠥᠷᠲᠡᠭᠡᠨ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠮᠤᠭ ᠤᠨ ᠢᠯᠡ ᠲᠣᠳᠣ ᠲᠡᠮᠳᠡᠭ ᠮᠥᠨ | ᠪᠣᠯᠬᠤ ᠶᠢ ᠬᠤᠶᠠᠷ ᠵᠢᠯ ᠤᠨ ᠲᠤᠷᠰᠢᠬᠢ ᠦᠢᠯᠡᠳᠦᠯᠭᠡ ᠪᠢᠳᠡᠨ ᠳᠤ ᠭᠦᠨᠵᠡᠭᠡᠢ ᠣᠶᠢᠯᠠᠭᠠᠭᠤᠯᠵᠠᠢ᠃ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠡᠨ ᠳᠤ | ᠲᠤᠯᠭᠠᠷᠠᠭᠰᠠᠨ ᠪᠠᠶᠢᠳᠠᠯ ᠨᠡᠩ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ᠂ ᠡᠭᠦᠷᠭᠡ ᠨᠡᠩ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠣᠯᠣᠨ᠎ᠠ᠂ | ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠤᠯᠠᠮ ᠰᠠᠶᠢᠲᠤᠷ ᠭᠦᠢᠴᠡᠳᠬᠡᠬᠦ ᠳᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠩ ᠡᠷᠡᠰ ᠪᠠᠲᠤ ᠨᠡᠩ ᠤᠬᠠᠮᠰᠠᠷ ᠠᠴᠠ ᠪᠠᠨ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠤᠰᠢᠭᠤ ᠱᠠᠯᠠᠮᠠᠭᠠᠢ ᠭᠦᠢᠴᠡᠳᠭᠡᠭᠴᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠵᠢᠯᠯᠠᠭᠠᠲᠠᠨ᠂ ᠬᠢᠵᠦ | ᠪᠦᠲᠦᠭᠡᠬᠦ ᠳᠤ ᠪᠠᠨ ᠴᠢᠳᠠᠮᠠᠭᠠᠢ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ ᠭᠡᠵᠡᠢ᠃ | 3 ᠳ᠋ᠤᠭᠠᠷ ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ | ᠨᠠᠢᠮᠠᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ | ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠪᠡ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ ᠯᠢ ᠴᠢᠶᠠᠩ ᠵᠢᠭᠠᠵᠤ ᠭᠠᠷᠭᠠᠬᠤ ᠳᠤ ᠪᠠᠨ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠦᠨᠳᠦᠰᠦᠨ | ᠪᠣᠳᠣᠯᠭ᠎ᠠ ᠴᠢᠭᠯᠡᠯᠲᠡ ᠶᠢ ᠦᠨᠳᠦᠰᠦᠯᠡᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠵᠢᠯ ᠢ ᠪᠣᠳᠠᠲᠠᠢ ᠲᠣᠬᠢᠷᠠᠭᠤᠯᠪᠠ᠃ ᠣᠳᠣᠬᠠᠨ ᠳᠤ ᠬᠠᠷᠠᠯᠲᠠ ᠡᠭᠦᠷᠭᠡ ᠲᠣᠳᠣᠷᠬᠠᠢ ᠪᠣᠯᠪᠠ᠂ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠂ | ᠣᠨᠴᠠᠭᠠᠶᠢᠯᠠᠨ ᠠᠵᠢᠯ ᠤᠨ ᠭᠠᠷᠳᠠᠴᠠ ᠪᠠᠨ ᠣᠨᠣᠪᠴᠢᠲᠠᠢ ᠣᠯᠵᠤ᠂ ᠬᠦᠴᠦ ᠪᠠᠨ ᠲᠥᠪᠯᠡᠷᠡᠭᠦᠯᠦᠨ ᠬᠥᠲᠥᠯᠬᠦ ᠴᠢᠨᠠᠷ ᠪᠠ ᠳᠠᠶᠢᠴᠢᠯᠠᠬᠤ ᠴᠢᠨᠠᠷ ᠢᠶᠠᠷ ᠴᠢᠩᠭ᠎ᠠ | ᠭᠤᠣᠯᠳᠠᠯᠭ᠎ᠠ ᠪᠣᠯᠬᠤ ᠵᠦᠢᠯᠡᠰ ᠢ ᠰᠠᠶᠢᠲᠤᠷ ᠠᠳᠬᠤᠵᠤ᠂ ᠲᠡᠭᠦᠨ ᠤ ᠬᠥᠭᠵᠢᠯᠲᠡ ᠶᠢᠨ ᠪᠦᠬᠦ ᠲᠠᠯ᠎ᠠ ᠳᠤ ᠦᠵᠡᠭᠦᠯᠬᠦ ᠳᠠᠶᠢᠴᠢᠯᠠᠬᠤ ᠪᠠ ᠠᠬᠢᠭᠤᠯᠬᠤ | ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡ ᠳᠤ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠎ᠡ᠂ ᠬᠤᠶᠠᠷ ᠲᠤ ᠪᠥᠬᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠎ᠠ᠂ ᠭᠤᠷᠪᠠ ᠳᠤ ︽ᠵᠣᠬᠢᠶᠠᠮᠠᠯ ᠣᠶᠤᠨ +︾ ᠠᠵᠢᠯᠯᠠᠭᠠᠨ ᠢ | ᠬᠡᠷᠡᠭᠵᠢᠭᠦᠯᠦᠨ᠎ᠡ᠂ ᠳᠥᠷᠪᠡ ᠳᠤ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠂ ᠲᠠᠪᠤ ᠳᠤ ᠬᠥᠮᠥᠨ ᠢᠶᠠᠷ ᠦᠨᠳᠦᠰᠦ | ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ᠂ ᠵᠢᠷᠭᠤᠭ᠎ᠠ ᠳᠤ ᠳᠡᠭᠡᠳᠦ ᠮᠡᠷᠭᠡᠰᠢᠯᠲᠦ ᠴᠢᠳᠠᠪᠤᠷᠢᠲᠠᠨ ᠬᠥᠮᠥᠵᠢᠭᠦᠯᠬᠦ ᠪᠠᠨ | ᠴᠢᠩᠭᠠᠳᠬᠠᠨ᠎ᠠ᠂ ᠳᠣᠯᠤᠭ᠎ᠠ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠰᠠᠶᠢᠲᠤᠷ ᠠᠳᠬᠤᠨ᠎ᠠ᠃ ᠡᠭᠦᠨ ᠤ ᠵᠡᠷᠭᠡ ᠳᠤ᠂ | ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠢᠳᠡᠪᠬᠢᠲᠡᠢ ᠪᠠᠷ | ᠲᠣᠭᠲᠠᠪᠤᠷᠢᠵᠢᠭᠤᠯᠵᠤ᠂ ᠭᠠᠳᠠᠭᠠᠳᠤ ᠶᠢᠨ ᠳᠠᠭᠠᠷᠢᠯᠲᠠ ᠶᠢ ᠪᠦᠲᠦᠮᠵᠢᠲᠡᠶ ᠪᠠᠷ ᠠᠷᠭᠠᠴᠠᠭᠠᠬᠤ ᠬᠡᠷᠡᠭᠲᠡᠢ ᠭᠡᠵᠡᠢ᠃ | ᠯᠢ ᠴᠢᠶᠠᠩ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠠᠶᠢᠳᠠᠯ ᠪᠠ ᠡᠭᠦᠷᠭᠡ ᠶᠢᠨ ᠣᠨᠴᠠᠯᠢᠭ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ | ᠴᠢᠩᠭᠠᠷᠠᠭᠤᠯᠬᠤ ᠪᠠ ᠵᠠᠬ᠎ᠠ ᠳᠡᠯᠭᠡᠭᠦᠷ ᠤᠨ ᠬᠦᠴᠦᠨ ᠤ ᠰᠠᠶᠢᠨ ᠦᠢᠯᠡᠳᠦᠯᠴᠡᠬᠦ᠂ ᠬᠠᠮᠵᠢᠯᠴᠠᠨ ᠬᠦᠴᠦᠯᠡᠬᠦ ᠶᠢ ᠰᠡᠷᠭᠦᠭᠡᠬᠦ ᠪᠠᠨ ᠨᠡᠩ ᠴᠢᠬᠤᠯᠠᠴᠢᠯᠠᠬᠤ ᠬᠡᠷᠡᠭᠲᠡᠢ᠃ | ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠬᠠᠤᠯᠢᠵᠢᠯ ᠪᠠ ᠢᠲᠡᠭᠡᠮᠵᠢ ᠶᠢᠨ ᠣᠷᠴᠢᠨ ᠨᠥᠬᠦᠴᠡᠯ ᠢ | ᠲᠡᠭᠦᠯᠳᠡᠷᠵᠢᠭᠦᠯᠦᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠶᠢᠴᠢᠯᠠᠨ᠎ᠠ᠃ ᠨᠠᠭᠠᠲᠤ | ᠵᠠᠬ᠎ᠠ ᠶᠢᠨ ᠬᠤᠷᠢᠭ᠎ᠠ ᠱᠤᠭᠤᠮ ᠢ ᠦᠨᠡᠨ ᠬᠦ ᠰᠠᠬᠢᠵᠤ᠂ ᠨᠡᠩ ᠥᠨᠳᠥᠷ ᠪᠠᠷᠢᠮᠵᠢᠶ᠎ᠠ ᠱᠤᠭᠤᠮ ᠳᠤ ᠬᠦᠷᠬᠦ ᠪᠠᠷ ᠴᠢᠷᠮᠠᠶᠢᠨ ᠬᠥᠭᠡᠭᠡᠴᠡᠯᠳᠦᠬᠦ ᠬᠡᠷᠡᠭᠲᠡᠢ᠃ ᠠᠮᠤᠷ | ᠲᠣᠭᠲᠠᠭᠤᠨ ᠵᠡᠷᠭᠡ ᠶᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠮᠲᠤ᠂ ᠨᠡᠩ ᠥᠨᠳᠥᠷ ᠬᠠᠷᠠᠯᠲᠠ ᠬᠥᠭᠡᠭᠡᠴᠡᠯᠳᠦᠯ ᠪᠠ ᠠᠵᠢᠯ ᠤᠨ ᠪᠠᠷᠢᠮᠵᠢᠶ᠎ᠠ ᠪᠠᠷ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠵᠡᠷᠭᠡ ᠲᠠᠯ᠎ᠠ ᠳᠤ ᠨᠡᠩ ᠶᠡᠭᠡ ᠦᠷ᠎ᠡ ᠪᠦᠲᠦᠮᠵᠢ | ᠣᠯᠵᠤ᠂ ᠨᠡᠩ ᠤᠯᠠᠨ ᠰᠢᠪᠲᠤᠯᠬᠤ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠡᠭᠦᠳᠬᠦ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠦᠭᠡ ᠬᠡᠯᠡᠪᠡ᠃ ᠲᠦᠷᠦ ᠶᠢᠨ ᠶᠠᠪᠤᠳᠠᠯ ᠤᠨ ᠬᠤᠷᠢᠶᠠᠨ ᠤ | ᠪᠦᠭᠦᠳᠡ ᠬᠤᠷᠠᠯᠳᠤᠭᠠᠨ ᠤ ᠪᠦᠷᠢᠯᠳᠦᠭᠦᠨ ᠨᠠᠷ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ | ᠰᠤᠯᠠ ᠣᠷᠣᠯᠴᠠᠪᠠ᠃ | |