— ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠪᠦᠭᠦ ᠵᠢᠯ ᠤᠨ ᠬᠠᠷᠠᠯᠲᠠ ᠶᠢ ᠪᠡᠶᠡᠯᠡᠭᠦᠯᠬᠦ ᠲᠤᠬᠠᠢ ᠰᠢᠷᠢᠰ ᠰᠢᠭᠦᠮᠵᠢ ᠳᠥᠷᠪᠡ | ︽ᠦᠢᠯᠡᠳᠦᠯᠭᠡ ᠪᠣᠯ ᠦᠨᠡᠨ ᠶᠣᠰᠣ ᠶᠢ ᠰᠢᠯᠭᠠᠬᠤ ᠴᠤᠷ ᠤᠨ ᠭᠠᠭᠴᠠ ᠪᠠᠷᠢᠮᠵᠢᠶ᠎ᠠ ᠮᠥᠨ︾᠃ | ᠠᠵᠢᠯ ᠬᠢᠬᠦ ᠳᠡᠭᠡᠨ ᠠᠯᠢᠪᠠ ᠪᠦᠭᠦᠨ ᠳᠤ ᠴᠥᠮ ᠦᠢᠯᠡᠳᠦᠯᠭᠡ ᠪᠠᠷ ᠬᠡᠮᠵᠢᠭᠦᠷ ᠪᠤᠯᠭᠠᠵᠤ᠂ ᠦᠷ᠎ᠡ ᠳ᠋ᠦᠩ ᠢᠶᠠᠷ ᠦᠭᠡ ᠬᠡᠯᠡᠬᠦ ᠬᠡᠷᠡᠭᠲᠡᠢ᠃ ᠦᠷ᠎ᠡ ᠳ᠋ᠦᠩ ᠪᠣᠯ | ᠶᠠᠪᠤᠴᠠ ᠶᠢᠨ ᠰᠠᠶᠢᠨ ᠡᠰᠡᠬᠦ ᠶᠢᠨ ᠬᠠᠮᠤᠭ ᠡᠴᠦᠰ ᠤᠨ ᠢᠯᠡᠷᠡᠯ ᠮᠥᠨ᠃ ᠬᠤᠭᠤᠰᠤᠨ ᠪᠠᠷᠬᠢᠷᠠᠭᠠᠳ ᠦᠯᠦ ᠠᠵᠢᠯᠯᠠᠪᠠᠰᠤ ᠬᠤᠪᠣᠷ ᠨᠠᠨᠳᠢᠨ ᠡᠬᠢ ᠪᠠᠶᠠᠯᠢᠭ ᠢ | ᠪᠦᠷᠢᠯᠭᠡᠬᠦ ᠮᠥᠷᠲᠡᠭᠡᠨ ᠬᠥᠭᠵᠢᠯᠲᠡ ᠶᠢᠨ ᠴᠠᠭ ᠲᠣᠭᠢᠶᠠᠯ ᠢ ᠴᠤ ᠰᠠᠭᠠᠲᠠᠭᠠᠨᠠ᠃ ᠣᠶᠢᠷ᠎ᠠ ᠶᠢᠨ ᠬᠡᠳᠦᠨ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠮᠤᠵᠢ ᠶᠢᠨ ᠱᠠᠲᠤᠨ ᠤ ᠤᠳᠤᠷᠢᠳᠤᠯᠭ᠎ᠠ ᠶᠢ ᠪᠡᠶ᠎ᠡ ᠪᠠᠷ ᠢᠶᠠᠨ ᠲᠦᠷᠦᠭᠦᠯᠡᠨ ︽ᠳᠥᠷᠪᠡᠨ ᠪᠢ︾ ᠶᠢ ᠪᠡᠶᠡᠯᠡᠭᠦᠯᠵᠦ᠂ ᠡᠯ᠎ᠡ ᠱᠠᠲᠤᠨ ᠤ ᠬᠢᠨ ᠢ ᠦᠷ᠎ᠡ | ᠪᠦᠲᠦᠭᠡᠯ ᠤᠨ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ ᠢᠶᠠᠨ ᠴᠢᠩᠭᠠᠳᠬᠠᠬᠤ ᠶᠢ ᠱᠠᠯᠠᠪᠳᠠᠭᠤᠯᠤᠭᠰᠠᠨ ᠢᠶᠠᠷ ᠪᠦᠭᠦ | ᠣᠷᠣᠨ ᠤ ᠳᠡᠭᠡᠳᠦ ᠳᠣᠣᠷᠠᠳᠤ ᠱᠠᠲᠤᠨ ᠤ ᠠᠵᠢᠯ ᠤᠨ ᠰᠤᠷᠲᠠᠯ ᠢᠯᠡᠷᠬᠡᠢ ᠰᠠᠶᠢᠵᠢᠷᠠᠨ᠂ ᠠᠵᠢᠯ ᠤᠨ ᠦᠷ᠎ᠡ ᠪᠦᠲᠦᠮᠵᠢ ᠢᠯᠡᠷᠬᠡᠢ ᠳᠡᠭᠡᠭᠰᠢᠯᠡᠪᠡ᠃ ᠡᠨᠡ ᠵᠢᠯ ᠤᠨ | ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠦᠨᠡᠨ ᠪᠣᠳᠠᠲᠠᠢ ᠶᠢ ᠡᠷᠭᠢᠮᠯᠡᠭᠦ ᠤᠳᠤᠷᠢᠳᠤᠮᠵᠢ ᠶᠢ ᠨᠡᠩ ᠢᠯᠡ ᠲᠣᠳᠣ ᠪᠤᠯᠭᠠᠵᠤ᠂ ᠶᠠᠪᠤᠴᠠ ᠶᠢ | ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ᠂ ︽ᠳᠡᠰ ᠳᠠᠷᠠᠭᠠᠯᠠᠯ ᠤᠨ ᠰᠢᠳᠤᠷᠭᠤ ᠶᠣᠰᠣ︾ ᠪᠠᠷ ᠤᠴᠢᠷ ᠶᠠᠪᠤᠳᠠᠯ ᠢ ᠬᠡᠯᠡᠯᠴᠡᠬᠦ ᠵᠡᠷᠭᠡ ᠮᠠᠭᠤ | ᠮᠠᠭᠤᠬᠠᠢ ᠦᠵᠡᠭᠳᠡᠯ ᠢ ᠦᠨᠡᠨ ᠬᠦ ᠲᠠᠶᠠᠭᠳᠠᠬᠤ ᠬᠡᠷᠡᠭᠲᠡᠢ᠃ ᠳᠡᠭᠡᠳᠦ ᠱᠠᠲᠤ ᠪᠣᠯᠤᠭᠰᠠᠨ ᠤ ᠬᠤᠪᠢ ᠳᠤ ᠡᠭᠦᠷᠭᠡ ᠪᠠᠨ ᠪᠠᠶᠢᠷᠢᠯᠠᠭᠤᠯᠤᠭᠰᠠᠨ ᠤ ᠲᠠᠷᠠᠭ᠎ᠠ ᠳᠣᠣᠷᠠᠳᠤ | ᠱᠠᠲᠤ ᠪᠠᠨ ᠢᠲᠡᠭᠡᠵᠦ᠂ ᠲᠡᠭᠦᠨ ᠳᠤ ᠨᠡᠩ ᠤᠯᠠᠨ ᠪᠦᠲᠦᠭᠡᠯᠴᠢ ᠴᠢᠨᠠᠷᠲᠠᠢ ᠪᠠᠷ ᠨᠠᠶᠢᠳᠠᠪᠤᠷᠢᠵᠢᠭᠤᠯᠬᠤ ᠣᠷᠣᠨ ᠵᠠᠢ ᠣᠯᠭᠤᠵᠤ᠂ ᠬᠠᠤᠯᠢ ᠴᠠᠭᠠᠵᠠ ᠶᠢ | ᠪᠦᠷᠢᠨᠰᠢᠭᠦᠯᠵᠦ ᠴᠢᠳᠠᠳᠠᠭ ᠲᠤ ᠯᠡ ᠭᠦᠷᠪᠡᠯ ᠬᠡᠷᠡᠭ ᠶᠠᠪᠤᠳᠠᠯ ᠢ ᠠᠯᠢ ᠴᠢᠳᠠᠬᠤ ᠪᠠᠷ ᠲᠦᠭᠦᠮ ᠪᠠᠶᠢᠯᠭᠠᠵᠤ᠂ ᠶᠠᠪᠤᠴᠠ ᠳᠤ ᠭᠠᠷ ᠲᠦᠷᠦᠭᠦ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠳᠣᠣᠷᠠᠳᠤ ᠱᠠᠲᠤ ᠪᠣᠯᠤᠭᠰᠠᠨ ᠤ ᠬᠤᠪᠢ ᠳᠤ ᠴᠠᠭ ᠪᠠ ᠤᠶᠤᠨ ᠴᠢᠳᠠᠯ ᠢᠶᠠᠨ ᠪᠣᠳᠠᠲᠠᠢ ᠠᠵᠢᠯ ᠬᠢᠬᠦ ᠳᠡᠭᠡᠷ᠎ᠡ ᠲᠠᠯᠪᠢᠵᠤ᠂ | ᠦᠷ᠎ᠡ ᠳ᠋ᠦᠩ ᠤᠨ ᠵᠦᠭ ᠴᠢᠷᠮᠠᠶᠢᠵᠤ᠂ ᠵᠠᠮ ᠳᠠᠭᠠᠨ ᠰᠡᠳᠬᠢᠯ ᠰᠠᠨᠠᠭ᠎ᠠ ᠪᠠᠨ ᠳᠤᠲᠠᠭᠤ ᠠᠯᠭᠠᠰᠠᠭᠤᠯᠬᠤ ᠬᠡᠷᠡᠭᠲᠡᠢ᠃ ᠴᠢᠬᠤᠯᠠ ᠪᠦᠬᠦᠢ ︽ᠱᠠᠭᠠᠷᠳᠠᠨ ᠪᠠᠶᠢᠴᠠᠭᠠᠬᠤ | ᠪᠠᠶᠢᠴᠠᠭᠠᠯᠲᠠ ᠬᠢᠬᠦ ᠬᠢᠨᠠᠨ ᠰᠢᠯᠭᠠᠬᠤ︾ ᠨᠢ ᠪᠠᠰᠠ ᠪᠣᠳᠠᠲᠤ ᠠᠮᠵᠢᠯᠲᠠ ᠪᠠᠷ ᠦᠨᠡᠯᠡᠬᠦ ᠪᠠᠷᠢᠮᠵᠢᠶ᠎ᠠ ᠪᠤᠯᠭᠠᠵᠤ᠂ ᠶᠠᠭᠤ ᠬᠢᠭᠰᠡᠨ ᠢᠶᠠᠷ ᠨᠢ ᠠᠵᠢᠯ ᠤᠨ ᠶᠠᠰᠤ ᠴᠢᠨᠠᠷ | ᠪᠠ ᠦᠷ᠎ᠡ ᠪᠦᠲᠦᠮᠵᠢ ᠶᠢ ᠬᠡᠮᠵᠢᠬᠦ ᠬᠡᠷᠡᠭᠲᠡᠢ᠃ | ᠬᠠᠭᠤᠷᠮᠠᠭ ᠴᠡᠴᠡᠭ ᠦᠷ᠎ᠡ ᠵᠢᠮᠢᠰ ᠰᠠᠭᠤᠬᠤ ᠦᠭᠡᠢ᠃ ᠶᠠᠭᠤ ᠬᠢᠭᠰᠡᠨ ᠴᠦ ᠪᠦᠷ ᠨᠠᠷᠢᠨ ᠨᠢᠭᠲᠠ ᠪᠠᠶᠢᠵᠤ᠂ ︽ᠪᠠᠷᠤᠭ ᠪᠣᠯᠴᠢᠬᠠᠨ᠎ᠠ︾ ᠭᠡᠵᠦ ᠪᠤᠯᠬᠤ ᠦᠭᠡᠢ | ᠂ ᠦᠷ᠎ᠡ ᠳ᠋ᠦᠩ ᠨᠢ ︽1︾ ᠪᠤᠯᠬᠤ ᠴᠢᠬᠤᠯᠠᠲᠠᠢ ᠪᠣᠯ ᠠᠳᠠᠭ ᠲᠠᠭᠠᠨ ︽1︾ ᠳᠤ ᠬᠦᠷᠬᠦ ᠬᠡᠷᠡᠭᠲᠡᠢ᠂ ︽ᠲᠡᠭ ᠴᠡᠭ ᠭᠡᠳᠦ︾ ᠪᠠᠷ ᠬᠤᠯᠬᠢᠨ ᠥᠩᠭᠡᠷᠡᠭᠦᠯᠵᠦ | ᠪᠤᠯᠬᠤ ᠦᠭᠡᠢ᠂ ᠠᠵᠢᠯᠯᠠᠪᠠᠯ ᠬᠠᠮᠤᠭ ᠤᠨ ᠰᠠᠶᠢᠨ ᠠᠵᠢᠯᠯᠠᠵᠤ᠂ ᠬᠢᠪᠡᠯ ᠬᠠᠮᠤᠭ ᠤᠨ ᠰᠢᠯᠢᠳᠡᠭ ᠬᠢᠬᠦ ᠬᠡᠷᠡᠭᠲᠡᠢ᠃ ᠤᠯᠠᠷᠢᠯ ᠥᠩᠭᠡᠷᠡᠭᠡᠳ ᠳᠡᠯᠭᠡᠷᠡᠭᠰᠡᠨ ᠴᠡᠴᠡᠭ | ᠴᠠᠭ ᠲᠠᠭᠠᠨ ᠵᠢᠮᠢᠰ ᠰᠠᠭᠤᠬᠤᠶ᠎ᠠ ᠪᠡᠷᠬᠡ᠃ ᠤᠴᠢᠷ ᠶᠠᠪᠤᠳᠠᠯ ᠢ ᠪᠦᠲᠦᠭᠡᠵᠦ ᠳᠡᠶᠢᠯᠪᠡᠯ ᠳᠠᠷᠤᠢ ᠳᠤᠨᠢ ᠬᠢᠵᠦ᠂ ᠲᠦᠷᠭᠡᠨ ᠰᠢᠢᠳᠪᠦᠷᠢᠯᠡᠵᠦ ᠳᠡᠶᠢᠯᠪᠡᠯ | ᠤᠳᠠᠭᠠᠰᠢᠷᠠᠭᠤᠯᠵᠤ ᠪᠤᠯᠬᠤ ᠦᠭᠡᠢ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠲᠣᠳᠣᠷᠬᠠᠢ | ᠲᠣᠭᠲᠠᠭᠠᠭᠰᠠᠨ ᠤᠴᠢᠷ ᠶᠠᠪᠤᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠠᠩᠰᠠ ᠮᠡᠳᠡᠭᠦᠯᠵᠦ᠂ ᠲᠣᠭᠲᠠᠭᠰᠠᠨ ᠴᠠᠭ ᠲᠤᠨᠢ ᠰᠢᠯᠭᠠᠯᠲᠠ ᠶᠢᠨ ᠬᠠᠭᠤᠳᠠᠰᠤ ᠪᠠᠨ | ᠲᠤᠰᠢᠶᠠᠬᠤ ᠬᠡᠷᠡᠭᠲᠡᠢ᠂ ᠤᠳᠠᠭᠠᠰᠢᠷᠠᠭᠤᠯᠤᠨ ᠲᠤᠰᠢᠶᠠᠭᠰᠠᠨ ᠰᠢᠯᠭᠠᠯᠲᠠ ᠶᠢᠨ ᠬᠤᠪᠢ ᠬᠡᠳᠦᠢ ᠥᠨᠳᠥᠷ ᠪᠠᠶᠢᠯ᠎ᠠ ᠴᠤ ᠭᠡᠰᠡᠨ ᠳᠤᠲᠠᠭᠤ ᠬᠤᠪᠢ ᠣᠯᠣᠨ᠎ᠠ᠃ | ᠨᠢᠭᠡ ᠠᠵᠢᠯᠯᠠᠭ᠎ᠠ ᠨᠢ ᠨᠢᠭᠡ ᠣᠪᠣᠭ᠎ᠠ ᠬᠥᠲᠥᠯᠪᠦᠷᠢ ᠠᠴᠠ ᠰᠠᠶᠢᠨ ᠪᠠᠶᠢᠳᠠᠭ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠪᠣᠳᠠᠲᠠᠢ ᠶᠢ ᠡᠷᠬᠢᠮᠯᠡᠨ ᠬᠡᠶᠢᠰᠪᠦᠷᠢ ᠶᠢ ᠴᠡᠭᠡᠷᠯᠡᠨ᠂ ᠴᠤᠴᠠᠯᠲᠠ ᠦᠭᠡᠢ ᠤᠷᠤᠭᠰᠢᠯᠠᠪᠠᠯ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠯᠠᠪᠲᠠᠢ ᠨᠡᠩ ᠤᠯᠠᠨ ᠡᠯᠪᠡᠭ ᠪᠠᠶᠠᠯᠢᠭ ᠦᠷ᠎ᠡ ᠪᠦᠲᠦᠭᠡᠯ ᠣᠯᠵᠤ | ᠴᠢᠳᠠᠨ᠎ᠠ᠃ | |