ᠼᠤ ᠦᠲ᠋ᠤ ᠳᠡᠪᠲᠦᠭᠡᠭᠰᠡᠨ ᠰᠠᠷᠢᠮᠰᠠᠭ᠋ ᠤᠨ ᠲᠤᠬᠠᠢ
ᠨᠡᠶᠢᠲᠡᠯᠡᠭᠰᠡᠨ ᠴᠠᠭ᠄
2025/4/11
    ᠼᠤ ᠦᠲ᠋ᠤ ᠳᠡᠪᠲᠦᠭᠡᠭᠰᠡᠨ ᠰᠠᠷᠢᠮᠰᠠᠭ᠋ ᠢ᠊ ᠬᠡᠮᠵᠢᠶ᠎ᠡ ᠲᠠᠢ ᠢᠳᠡᠪᠡᠯ ᠬᠦᠮᠦᠨ᠋ ᠤ᠊ ᠪᠡᠶ᠎ᠡ ᠲᠤ ᠰᠠᠶ᠋ᠢᠨ ᠪᠠᠶ᠋ᠢᠳᠠᠭ᠂ ᠭᠡᠪᠡᠴᠦ ᠵᠤᠬᠢᠰ ᠦᠭᠡᠢ ᠳᠡᠪᠲᠦᠭᠡᠬᠦ ᠪᠤᠶᠤ ᠬᠡᠲᠦ ᠢᠳᠡᠭ᠊ ᠦ᠊ ᠨᠢ ᠬᠦᠮᠦᠨ᠋ ᠤ᠊ ᠪᠡᠶ᠎ᠡ ᠲᠤ ᠬᠤᠤᠷ ᠲᠠᠢ ᠶᠤᠮ᠃    ᠼᠤ ᠦᠲ᠋ᠤ ᠳᠡᠪᠲᠦᠭᠡᠭᠰᠡᠨ ᠰᠠᠷᠢᠮᠰᠠᠭ᠋ ᠤᠨ ᠠᠰᠢᠭ᠋ ᠲᠠᠢ ᠲᠠᠯ᠎ᠠ᠄ ᠼᠤ ᠦᠲ᠋ᠤ ᠳᠡᠪᠲᠦᠭᠡᠭᠰᠡᠨ ᠰᠠᠷᠢᠮᠰᠠᠭ ᠵᠤᠬᠢᠬᠤ ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ ᠰᠠᠷᠢᠮᠰᠠᠭ᠋ ᠤᠨ ᠲᠤᠰ ᠪᠡᠶ᠎ᠡ ᠨᠢ ᠮᠠᠰᠢ ᠰᠠᠶ᠋ᠢᠨ ᠠᠷᠢᠭᠤᠳᠬᠠᠬᠤ᠂ ᠬᠤᠤᠷ ᠭᠠᠳᠠᠭᠰᠢᠯᠠᠭᠤᠯᠬᠤ ᠴᠢᠳᠠᠯ ᠲᠠᠢ ᠪᠤᠯᠬᠤᠷ ᠦᠷᠬᠦᠯᠵᠢ ᠰᠠᠷᠢᠮᠰᠠᠭ ᠢᠳᠡᠪᠡᠯ ᠴᠢᠰᠦᠨ ᠰᠤᠲᠠᠯ ᠢ᠊ ᠳᠡᠯᠡᠨ᠂ ᠪᠡᠶ᠎ᠡ ᠮᠠᠬᠠᠪᠤᠳ᠋᠊ ᠤᠨ ᠳᠤᠳᠤᠬᠠᠳ᠋᠊ ᠤᠲ᠋ᠤ ᠪᠠᠶ᠋ᠢᠭ᠎ᠠ ᠬᠠᠶᠠᠭᠳᠠᠮᠠᠯ ᠪᠤᠳᠠᠰ ᠢ᠊ ᠭᠠᠳᠠᠭᠰᠢᠯᠠᠭᠤᠯᠳᠠᠭ᠂ ᠡᠨ᠋᠊ ᠡ ᠨᠢ ᠴᠢᠰᠦᠨ᠋  ᠲᠤ ᠪᠠᠶ᠋ᠢᠭ᠎ᠠ ᠬᠤᠤᠷᠲᠤ ᠡᠳ᠋᠊ ᠢ᠊ ᠵᠤᠬᠢᠰᠲᠠᠢ ᠪᠠᠭ᠋ᠠᠰᠬᠠᠵᠤ᠂ ᠴᠢᠰᠦᠨ ᠳᠠᠷᠤᠯᠲᠠ ᠶᠢ ᠪᠠᠭᠤᠷᠠᠭᠤᠯᠳᠠᠭ᠃    ᠼᠤᠦ ᠴᠢᠰᠤᠨ ᠰᠤᠳᠠᠯ ᠢ᠊ ᠵᠦᠭᠡᠯᠡᠷᠡᠭᠦᠯᠦᠨ᠎ᠡ᠂ ᠬᠡᠷᠪᠡ ᠼᠤ ᠦᠲ᠋ᠤ ᠳᠡᠪᠲᠦᠭᠡᠭᠰᠡᠨ ᠰᠠᠷᠢᠮᠰᠠᠭ᠋ ᠢ᠊ ᠦᠷᠬᠦᠯᠵᠢ ᠢᠳᠡᠭᠰᠡᠨ᠋ ᠤ᠊ ᠰᠡᠭᠦᠯᠡᠷ ᠴᠢᠰᠤᠨ ᠰᠤᠳᠠᠯ ᠢ᠊ ᠳᠡᠯᠡᠭ᠊ ᠦᠪᠠᠷ ᠪᠠᠷᠠᠬᠤ ᠦᠭᠡᠢ ᠪᠠᠰᠠ ᠴᠢᠰᠤᠨ ᠰᠤᠳᠠᠯ ᠤᠨ ᠤᠶᠠᠨ ᠴᠢᠨᠠᠷ ᠢ᠊ ᠳᠡᠭᠡᠭᠰᠢᠯᠡᠭᠦᠯᠵᠦ᠂ ᠴᠢᠰᠤᠨ ᠳᠠᠷᠤᠯᠲᠠ ᠬᠡᠳᠦ ᠦᠨᠳᠦᠷ ᠪᠢᠰᠢ ᠪᠠᠶ᠋ᠢᠳᠠᠯ ᠲᠤ ᠴᠢᠰᠤᠨ ᠳᠠᠷᠤᠯᠲᠠ ᠶᠢ ᠪᠠᠭᠤᠷᠠᠭᠤᠯᠬ᠊ ᠤᠲ᠋ᠤ ᠲᠤᠰᠠᠯᠠᠳᠠᠭ᠃ ᠲᠠᠭᠰᠢᠭᠤᠷ ᠢ᠊ ᠰᠡᠷᠭᠡᠶ᠋ᠢᠯᠡᠨ᠂ ᠬᠠᠮᠠᠷ ᠤᠨ ᠦᠷᠪᠢᠰᠦᠯ ᠢ᠊ ᠵᠠᠰᠠᠵᠤ᠂ ᠪᠡᠶ᠎ᠡ ᠴᠢᠬᠢᠷᠠᠭᠵᠢᠭᠤᠯᠬᠤ ᠦᠢᠯᠡᠳᠦᠯ ᠲᠠᠢ᠃ ᠬᠤᠭᠤᠯᠠᠢ ᠡᠪᠡᠳᠬᠦ ᠶᠢ ᠵᠠᠰᠠᠵᠤ᠂ ᠨᠦᠢᠷ ᠢ᠊ ᠰᠠᠶ᠋ᠢᠵᠢᠷᠠᠭᠤᠯᠤᠨ᠎ᠠ᠃ ᠰᠢᠩᠭᠡᠭᠡᠯᠲᠡ ᠶᠢ ᠰᠠᠶ᠋ᠢᠵᠢᠷᠠᠭᠤᠯᠤᠨ᠎ᠠ᠃ ᠶᠠᠳᠠᠷᠠᠭ᠎ᠠ ᠶᠢ ᠲᠠᠶ᠋ᠢᠯᠤᠨ᠂ ᠦᠲᠡᠯᠬᠦ ᠶᠢ ᠤᠳᠠᠬᠠᠰᠢᠷᠠᠭᠤᠯᠤᠨ᠎ᠠ᠃ ᠴᠢᠰᠤ ᠶᠢ ᠰᠢᠩᠭᠡᠷᠡᠭᠦᠯᠵᠦ᠂ ᠴᠢᠰᠤᠨ᠋ ᠤ᠊ ᠡᠷᠭᠢᠯᠲᠡ ᠶᠢ ᠰᠠᠶ᠋ᠢᠵᠢᠷᠠᠭᠤᠯᠤᠨ᠎ᠠ᠃ ᠴᠢᠰᠤᠨ᠋ ᠤ᠊ ᠦᠭᠡᠬᠦ ᠶᠢ ᠪᠠᠭᠤᠷᠠᠭᠤᠯᠵᠤ ᠰᠢᠬᠢᠷ ᠰᠢᠵᠢᠩ ᠡᠪᠡᠳᠴᠢᠨ᠋ ᠢ᠊ ᠰᠡᠷᠭᠡᠶ᠋ᠢᠯᠡᠳᠡᠭ᠃ ᠪᠠᠺᠲ᠋ᠧᠷᠢ ᠶᠢ ᠤᠰᠠᠳᠬᠠᠨ᠂ ᠦᠷᠪᠢᠰᠤᠯ ᠢ᠊ ᠳᠠᠷᠤᠵᠤ᠂ ᠡᠪᠡᠳᠴᠢᠨ ᠬᠠᠯᠳᠠᠪᠤᠷᠢᠯᠠᠬᠤ ᠶᠢ ᠰᠡᠷᠭᠡᠶ᠋ᠢᠯᠡᠨ᠎ᠡ᠃ ᠰᠦᠰᠦᠨ᠋ ᠤ᠊ ᠴᠢᠯᠠᠭᠤᠯᠢᠭ ᠠᠯᠺᠦᠤᠯ ᠢ᠊ ᠪᠠᠭᠤᠷᠠᠭᠤᠯᠤᠨ᠎ᠠ᠃ ᠦᠮᠠᠨ ᠡᠪᠡᠳᠴᠢᠨ᠋ ᠢ᠊ ᠰᠡᠷᠭᠡᠶ᠋ᠢᠯᠡᠳᠡᠭ᠃    ᠼᠤ ᠦᠲ᠋ᠤ ᠳᠡᠪᠲᠦᠭᠡᠭᠰᠡᠨ ᠰᠠᠷᠢᠮᠰᠠᠭ᠋ ᠤᠨ ᠠᠰᠢᠭ ᠦᠭᠡᠢ ᠲᠠᠯ᠎ᠠ᠄ ᠬᠦᠮᠦᠰ ᠼᠤ ᠦᠲ᠋ᠤ ᠰᠠᠷᠢᠮᠰᠠᠭ ᠳᠡᠪᠲᠦᠭᠡᠭ᠊ ᠦᠲ᠋ᠡᠭᠡᠨ ᠳᠠᠪᠤᠰᠤ ᠠᠷᠪᠢᠨ ᠬᠢᠳᠡᠭ᠂ ᠲᠡᠷᠡᠴᠢᠯᠡᠨ ᠼᠤ ᠦᠲ᠋ᠤ ᠳᠡᠪᠲᠦᠭᠡᠭᠰᠡᠨ ᠰᠠᠷᠢᠮᠰᠠᠭ ᠵᠶᠠᠨ ᠳᠠᠪᠤᠰᠤᠯᠠᠭᠰᠠᠨ ᠨᠤᠭᠤᠭ᠎ᠠ ᠪᠤᠯᠬᠠᠨ ᠡᠳᠦᠷ ᠪᠦᠷᠢ ᠬᠡᠳᠦ ᠤᠯᠠᠨ ᠢᠳᠡᠳᠡᠭ᠃ ᠢᠩᠭᠢᠵᠦ ᠢᠳᠡᠭ᠊ ᠦ᠊ ᠨᠢ ᠰᠢᠨᠵᠢᠯᠡᠬᠦ ᠤᠬᠠᠬᠠᠨᠴᠢ ᠪᠢᠰᠢ ᠪᠠᠶ᠋ᠢᠵᠤ᠂ ᠪᠡᠶ᠎ᠡ ᠮᠠᠬᠠᠪᠤᠳ᠋᠊ ᠢ᠊ ᠭᠡᠮᠲᠦᠭᠡᠵᠦ ᠮᠡᠳᠡᠨ᠎ᠡ᠃ ᠰᠠᠷᠢᠮᠰᠠᠭ ᠪᠤᠯ ᠭᠤᠱᠤᠭᠤᠨ ᠴᠢᠨᠠᠷ ᠲᠠᠢ ᠢᠳᠡᠭᠡᠨ ᠶᠤᠮ᠂ ᠬᠡᠲᠦᠷᠬᠡᠢ ᠠᠷᠪᠢᠨ ᠢᠳᠡᠭ᠊ ᠦ᠊ ᠨᠢ ᠬᠤᠳᠤᠭᠤᠳᠤ ᠶᠢ ᠡᠪ ᠦᠭᠡᠢ ᠪᠠᠶ᠋ᠢᠳᠠᠯ ᠲᠤ ᠤᠷᠤᠭᠤᠯᠳᠠᠭ᠃ ᠦᠯᠦᠨ ᠵᠶᠠᠷ ᠠᠷᠪᠢᠨ ᠢᠳᠡᠪᠡᠯ ᠨᠢᠳᠦᠨ᠋ ᠲᠤ ᠰᠡᠳᠦᠯᠲᠡ ᠦᠭᠭ᠊ ᠦᠪᠠᠷ ᠪᠠᠷᠠᠬᠤ ᠦᠭᠡᠢ ᠸᠢᠲ᠋ᠠᠮᠢᠨ b ᠶᠢᠨ ᠰᠢᠩᠭᠡᠭᠡᠯᠲᠡ ᠶᠢ ᠨᠦᠯᠦᠭᠡᠯᠡᠳᠡᠭ᠃ ᠠᠩᠬᠠᠷᠤᠭᠤᠰᠢᠲᠠᠢ ᠵᠦᠢᠯ᠄    1. ᠴᠢᠰᠤᠨ ᠳᠠᠷᠤᠯᠲᠠ ᠦᠨᠳᠦᠷ ᠡᠪᠡᠳᠴᠢᠲᠡᠨ᠋ ᠲᠤ ᠲᠤᠰᠠᠯᠠᠬᠤ ᠦᠢᠯᠡᠳᠦᠯ ᠦᠵᠡᠭᠦᠯᠳᠡᠭ᠂ ᠭᠡᠪᠡᠴᠦ ᠨᠠᠶ᠋ᠢᠳᠠᠨ ᠲᠦᠰᠢᠭᠯᠡᠵᠦ ᠪᠤᠯᠬᠤ ᠦᠭᠡᠢ᠃    2. ᠼᠤ ᠦᠪᠠᠨ ᠪᠤᠴᠠᠯᠬᠠᠵᠤ ᠪᠤᠯᠬᠤ ᠦᠭᠡᠢ᠂ ᠪᠤᠴᠠᠯᠬᠠᠪᠠᠯ ᠦᠢᠯᠡᠳᠦᠯ ᠨᠢ ᠪᠠᠭᠤᠷᠠᠳᠠᠭ᠃    3. ᠼᠤ ᠦᠲ᠋ᠤ ᠳᠡᠪᠲᠦᠭᠡᠭᠰᠡᠨ ᠰᠠᠷᠢᠮᠰᠠᠭ᠋ ᠢ᠊ ᠤᠷᠲᠤ ᠬᠤᠭᠤᠴᠠᠭ᠎ᠠ ᠪᠠᠷ ᠢᠳᠡᠵᠦ ᠪᠤᠯᠤᠨ᠎ᠠ᠂ ᠭᠡᠪᠡᠴᠦ ᠡᠳᠦᠷ ᠪᠦᠷᠢ ᠬᠡᠲᠤ ᠠᠷᠪᠢᠨ ᠢᠳᠡᠵᠦ ᠪᠤᠯᠬᠤ ᠦᠭᠡᠢ ᠂ ᠨᠢᠭ᠊ ᠡ᠎ᠠ ᠴᠠ ᠬᠤᠶᠠᠷ ᠢᠳᠡᠪᠡᠯ ᠪᠤᠯᠴᠢᠬᠠᠨ᠎ᠠ᠃ ᠰᠤᠩᠭᠢᠨ᠎ᠠ ᠰᠠᠷᠢᠮᠰᠠᠭ᠋ ᠤᠨ ᠴᠡᠭᠡᠷ ᠬᠢᠭᠡᠳ ᠵᠠᠰᠠᠯ ᠰᠤᠩᠬᠢᠨ᠎ᠡ ᠰᠠᠷᠢᠮᠰᠠᠭ᠋ ᠢ᠊ ᠭᠠᠯ ᠲᠤ ᠬᠢᠬᠦ ᠶᠢ ᠴᠡᠭᠡᠷᠯᠡᠨ᠎ᠡ᠃ ᠨᠢᠳᠦᠨ᠋ ᠤ᠊ ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃ ᠭᠠᠭᠴᠠ ᠲᠤᠯᠤᠬᠠᠶ᠋ᠢᠲᠤ ᠰᠠᠷᠢᠮᠰᠠᠭ᠋ ᠤᠨ ᠰᠦᠮᠦᠰᠦ ᠶᠢ ᠬᠠᠮᠠᠷ ᠲᠠᠭᠠᠨ ᠳᠤᠰᠤᠬᠠᠪᠠᠯ ᠲᠤᠯᠤᠬᠠᠢ ᠡᠪᠡᠳᠬᠦ ᠶᠢ ᠵᠤᠭᠰᠤᠬᠠᠨ᠎ᠠ᠃ ᠰᠠᠷᠢᠮᠰᠠᠭ᠋ ᠢ᠊ ᠬᠡᠷᠴᠢᠭᠡᠳ ᠴᠠ᠊ ᠢ ᠪᠠᠷ ᠳᠠᠷᠤᠭᠤᠯᠵᠤ ᠤᠤᠭᠤᠪᠠᠯ ᠲᠤᠯᠤᠬᠠᠢ ᠡᠪᠡᠳᠬᠦ ᠶᠢ ᠨᠠᠮᠳᠠᠬᠠᠨ᠎ᠠ᠃  
ᠢᠷᠡᠯᠲᠡ᠄ ᠠᠯᠠᠱᠠ ᠠᠢᠮᠠᠭ᠋ ᠤᠨ ᠵᠠᠬᠢᠷᠭ᠎ᠠ