ᠬᠡᠦᠬᠡᠳ ᠨᠠᠷᠠᠰᠢᠬ᠊ ᠤᠠ᠋ ᠴᠠ ᠰᠡᠷᠬᠡᠶ᠋ᠢᠯᠡᠭ᠊ ᠦᠲ᠋ᠤ ᠳᠤᠤᠷᠠᠬᠢ ᠵᠢᠷᠭᠤᠬᠠᠨ ᠲᠠᠯ᠎ᠠ ᠶᠢ ᠠᠩᠬᠠᠷᠬᠤ ᠬᠡᠷᠡᠭᠳᠡᠢ
ᠨᠡᠶᠢᠲᠡᠯᠡᠭᠰᠡᠨ ᠴᠠᠭ᠄
2025/4/11
    ᠣᠳᠣᠬᠠᠨ᠋ ᠲᠤ ᠪᠡᠭᠡᠵᠢᠩ᠂ ᠾᠧᠪᠧᠢ ᠵᠡᠷᠭᠡ ᠭᠠᠵᠠᠷ ᠲᠤ ᠠᠬᠠᠭᠢᠮ᠎ᠠ ᠬᠠᠯᠠᠭᠤᠨ ᠴᠠᠭ ᠠᠭᠤᠷ ᠦᠷᠭᠦᠯᠵᠢᠯᠡᠵᠦ ᠪᠠᠶ᠋ᠢᠨ᠎ᠠ᠃ ᠤᠯᠤᠰ ᠤᠨ ᠡᠪᠡᠳᠴᠢᠨ ᠡᠮᠭᠡᠭ᠌ ᠢ᠊ ᠰᠡᠷᠭᠡᠶ᠋ᠢᠯᠡᠨ ᠡᠵᠡᠮᠳᠡᠬᠦ ᠲᠣᠪᠴᠢᠶ᠎ᠠ ᠡᠷᠡᠭᠦᠯ ᠮᠡᠨᠳᠦ ᠶᠢᠨ ᠰᠠᠨᠠᠭᠤᠯᠤᠮᠵᠢ ᠨᠡᠶ᠋ᠢᠲᠡᠯᠡᠵᠦ᠂ ᠬᠡᠦᠬᠡᠳ᠋᠊ ᠤᠨ ᠨᠠᠷᠠᠰᠢᠬᠤ ᠪᠣᠯ ᠪᠠᠭ᠎ᠠ ᠶᠠᠪᠤᠳᠠᠯ ᠪᠢᠰᠢ᠂ ᠭᠡᠷ ᠤᠨ ᠠᠬᠠᠮᠠᠳ ᠨᠠᠷ ᠬᠡᠦᠬᠡᠳ᠋᠊ ᠤᠨ ᠨᠠᠷᠠᠰᠢᠬᠤ ᠶᠢ ᠤᠷᠢᠳᠴᠢᠯᠠᠨ ᠰᠡᠷᠭᠡᠶ᠋ᠢᠯᠡᠬᠦ᠂ ᠨᠠᠷᠠᠰᠢᠬᠰᠠᠨ ᠪᠠᠶ᠋ᠢᠳᠠᠯ ᠢ᠊ ᠢᠯᠬᠠᠨ ᠲᠠᠨᠢᠬᠤ ᠵᠢᠴᠢ ᠨᠠᠷᠠᠰᠢᠭᠰᠠᠨ ᠬᠡᠦᠬᠡᠳ᠋᠊ ᠢ᠊ ᠬᠡᠷᠬᠢᠨ ᠠᠰᠠᠷᠠᠨ ᠬᠠᠷᠠᠬᠠᠯᠵᠠᠬᠤ ᠲᠤᠬᠠᠢ ᠮᠡᠳᠡᠯᠭᠡ ᠶᠢ ᠣᠶ᠋ᠢᠯᠠᠬᠠᠬᠤ ᠬᠡᠷᠡᠭᠲᠡᠢ ᠭᠡᠵᠠᠢ᠃    ᠪᠡᠭᠡᠵᠢᠩ᠊ ᠤᠨ ᠬᠡᠦᠬᠡᠳ᠋᠊ ᠤᠨ ᠡᠮᠨᠡᠯᠭᠡ ᠶᠢᠨ ᠬᠤᠷᠢᠶᠠᠨ᠋ ᠤ᠊ ᠡᠷᠬᠢᠯᠡᠭᠴᠢ ᠡᠮᠴᠢ ᠸᠠᠩ ᠴᠢᠤᠸᠠᠨ ᠢᠯᠡᠷᠬᠡᠶ᠋ᠢᠯᠡᠭ᠊ ᠦᠲ᠋ᠡᠭᠡᠨ᠂ ᠬᠡᠦᠬᠡᠳ᠂ ᠵᠢᠷᠮᠦᠰᠦᠨ ᠪᠠ ᠬᠥᠩᠭᠡᠵᠢᠭᠰᠡᠨ ᠡᠮᠡᠭᠲᠡᠢ᠂ ᠨᠠᠰᠤᠲᠠᠶ᠋ᠢᠴᠤᠳ᠂ ᠤᠳᠠᠬᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠲᠡᠨ ᠵᠢᠴᠢ ᠭᠡᠷ ᠤᠨ ᠭᠠᠳᠠᠨ᠎ᠠ ᠠᠵᠢᠯᠯᠠᠳᠠᠬ ᠠᠵᠢᠯᠲᠠᠨ ᠵᠡᠷᠭᠡ ᠬᠥᠮᠥᠰ ᠨᠠᠩ ᠠᠮᠠᠷᠬᠠᠨ ᠨᠠᠷᠠᠰᠢᠬᠤ ᠪᠣᠯᠬᠤᠷ ᠲᠣᠰ ᠪᠡᠶ᠎ᠡ ᠶᠢᠨ ᠡᠷᠡᠭᠦᠯ ᠮᠡᠨᠳᠦ ᠶᠢᠨ ᠰᠡᠷᠭᠡᠶ᠋ᠢᠯᠡᠯᠳ᠋᠊ ᠡ ᠪᠠᠨ ᠣᠨᠴᠠᠬᠠᠶ ᠴᠢᠩᠬᠠᠳᠬᠠᠬᠤ ᠬᠡᠷᠡᠭᠲᠡᠢ ᠭᠡᠵᠡᠢ᠃ ᠢᠯᠠᠩᠭᠤᠶ᠎ᠠ ᠬᠡᠦᠬᠡᠳ᠋᠊ ᠤᠨ ᠪᠡᠶ᠎ᠡ ᠮᠠᠬᠠᠪᠤᠳ᠋᠊ ᠨᠢ ᠨᠠᠰᠤᠨ᠋ ᠲᠤ ᠬᠦᠷᠦᠭᠰᠡᠳ᠋ᠲ᠋ᠠᠢ ᠠᠳᠠᠯᠢ ᠦᠭᠡᠢ ᠪᠠᠶ᠋ᠢᠵᠤ᠂ ᠲᠡᠳᠡᠨ᠋ ᠤ᠊ ᠰᠢᠨ᠎ᠡ ᠬᠠᠭᠤᠴᠢᠨ᠋ ᠤ᠊ ᠰᠣᠯᠢᠯᠴᠠᠭ᠎ᠠ ᠨᠢ ᠲᠦᠷᠭᠡᠨ᠂ ᠬᠥᠯᠥᠰᠦᠨ ᠪᠤᠯᠴᠢᠷᠬᠠᠢ ᠶᠢᠨ ᠪᠤᠶ᠋ᠢᠵᠢᠯᠳ᠋᠊ ᠠ ᠨᠢ ᠬᠠᠷᠠᠬᠠᠨ ᠪᠣᠯᠪᠠᠰᠤᠷᠠᠬᠠᠳᠤᠢ᠂ ᠪᠡᠶ᠎ᠡ ᠶᠢᠨ ᠳᠤᠯᠠᠬᠠᠨ᠋ ᠢ᠊ ᠲᠣᠬᠢᠷᠠᠭᠤᠯᠬᠤ ᠰᠢᠰᠲ᠋ᠧᠮ ᠨᠢ ᠪᠤᠶ᠋ᠢᠵᠢᠯᠳ᠋᠊ ᠠ ᠲᠠᠭᠠᠨ ᠪᠠᠶ᠋ᠢᠬᠤ ᠤᠴᠢᠷ᠎ᠠ ᠴᠠ ᠨᠡᠩ ᠠᠮᠠᠷᠬᠠᠨ ᠨᠠᠷᠠᠰᠢᠳᠠᠭ᠃ ᠬᠡᠷᠬᠢᠨ ᠬᠡᠦᠬᠡᠳ᠋᠊ ᠤᠨ ᠨᠠᠷᠠᠰᠢᠬ᠊ ᠤᠠ᠋ ᠴᠠ ᠰᠡᠷᠭᠡᠶ᠋ᠢᠯᠡᠬᠦ ᠪᠣᠶ︖    ᠡᠷᠡᠭᠦᠯ ᠮᠡᠨᠳᠦ ᠶᠢᠨ ᠰᠠᠨᠠᠭᠤᠯᠤᠮᠵᠢ ᠶᠢ ᠦᠨᠳᠦᠰᠦᠯᠡᠪᠡᠯ᠂ ᠭᠡᠷ ᠤᠨ ᠭᠠᠳᠠᠨᠠᠬᠢ ᠬᠥᠳᠡᠯᠭᠡᠭᠡᠨ᠋ ᠤ᠊ ᠴᠠᠭ ᠪᠠ ᠭᠠᠵᠠᠷ᠂ ᠥᠨᠳᠥᠷ ᠳᠤᠯᠠᠬᠠᠨ᠂ ᠴᠢᠬᠢᠭ ᠶᠡᠬᠡᠳᠡᠢ ᠠᠭᠤᠷ ᠠᠮᠢᠰᠬᠤᠯ ᠢ᠊ ᠪᠠᠭᠲᠠᠬᠠᠭᠰᠠᠨ ᠵᠢᠷᠭᠤᠬᠠᠨ ᠲᠠᠯ᠎ᠠ ᠶᠢ ᠠᠩᠬᠠᠷᠬᠤ ᠬᠡᠷᠡᠭᠲᠡᠢ︔ ᠬᠥᠩᠭᠡᠨ᠂ ᠠᠭᠤᠵᠢᠭᠤ᠂ ᠭᠦᠢᠬᠡᠨ ᠥᠩᠭ᠊ ᠡ ᠲᠠᠢ᠂ ᠠᠬᠠᠷ ᠨᠡᠪᠲᠡᠷᠡᠬᠦ ᠬᠤᠪᠴᠠᠰᠤ ᠡᠮᠦᠰᠴᠦ᠂ ᠴᠠᠭ ᠲᠤᠬᠠ᠊ ᠢ ᠲᠤᠨᠢ ᠬᠥᠯᠥᠰᠦᠨ᠋ ᠲᠤ ᠳᠡᠪᠲᠦᠭᠰᠡᠨ ᠬᠤᠪᠴᠠᠰ᠊ ᠤᠪᠠᠨ ᠰᠣᠯᠢᠨ᠎ᠠ︔ ᠬᠡᠦᠬᠡᠳ᠋᠊ ᠤᠨ ᠭᠦᠢᠴᠡᠳ ᠤᠰᠤ ᠤᠤᠭᠤᠬᠤ ᠶᠢ ᠪᠠᠲᠤᠯᠠᠵᠤ᠂ ᠤᠰᠤ ᠪᠤᠶᠤ ᠴᠠᠬᠢᠯᠬᠠᠨ ᠵᠠᠳᠠᠯᠤᠭᠳᠠᠬᠤᠨ ᠤᠮᠳᠠᠬᠠᠨ ᠤᠤᠭᠤᠬ᠊ ᠤ᠊ ᠨᠢ ᠳᠤᠬᠢᠷᠠᠮᠵᠢᠳᠠᠢ︔ ᠦᠬᠡᠬᠦ ᠳᠤᠰᠤ ᠪᠠᠭ᠋ᠠᠳᠠᠢ ᠰᠢᠩᠭᠡᠭᠡᠭ᠊ ᠦᠲ᠋ᠤ ᠬᠢᠯᠪᠠᠷ ᠢᠳᠡᠭᠡᠨ᠋ ᠢ᠊ ᠢᠯᠡᠭᠦᠬᠡᠨ ᠢᠳᠡᠬᠦᠯᠪᠡᠯ ᠵᠤᠬᠢᠨ᠎ᠠ︔ ᠬᠡᠦᠬᠡᠳ᠋᠊ ᠤᠨ ᠭᠦᠢᠴᠡᠳ ᠠᠮᠠᠷᠠᠬᠤ ᠶᠢ ᠪᠠᠲᠤᠯᠠᠬᠤ ᠬᠡᠷᠡᠭᠲᠡᠢ︔ ᠣᠳᠣᠬᠠᠨ᠋ ᠲᠤ ᠨᠡᠶ᠋ᠢᠳᠡᠮ ᠮᠡᠳᠡᠷᠡᠭᠳᠡᠭᠰᠡᠨ ᠬᠡᠤᠬᠡᠳ᠋᠊ ᠤᠨ ᠨᠠᠷᠠᠰᠢᠬ᠊ ᠤᠲ᠋ᠤ ᠳᠤᠬᠢᠷᠠᠬᠤ ᠡᠮ ᠭᠡᠵᠦ ᠪᠠᠶ᠋ᠢᠬᠤ ᠦᠭᠡᠢ᠂ ᠭᠡᠷ ᠤᠨ ᠠᠬᠠᠮᠠᠳ᠋᠊ ᠤᠳ ᠬᠡᠦᠬᠡᠳ᠋ᠲ᠋ᠡᠭᠡᠨ ᠲᠤᠷ᠎ᠠ ᠪᠠᠷ ᠵᠶᠠᠨ ︽ᠨᠠᠷᠠᠰᠢᠬ᠊ ᠤᠠ᠋ ᠴᠠ ᠰᠡᠷᠭᠡᠶ᠋ᠢᠯᠡᠬᠦ ᠡᠮ︾ ᠤᠤᠭᠤᠯᠬᠠᠵᠤ ᠪᠣᠯᠬᠤ ᠦᠭᠡᠢ᠃ ᠲᠤᠰᠬᠠᠢ ᠮᠡᠷᠭᠡᠵᠢᠯᠲᠡᠨ᠋ ᠤ᠊ ᠲᠠᠨᠢᠯᠴᠠᠭᠤᠯᠤᠭᠰᠠᠨ ᠵᠶᠠᠷ᠂ ᠨᠠᠷᠠᠰᠢᠬᠤ ᠶᠢ ᠤᠷᠢᠲᠠᠯ ᠰᠢᠨᠵᠢᠲᠦ ᠨᠠᠷᠠᠰᠢᠬᠤ᠂ ᠬᠥᠩᠭᠡᠨ ᠨᠠᠷᠠᠰᠢᠬᠤ ᠪᠠ ᠬᠦᠨᠳᠦ ᠨᠠᠷᠠᠰᠢᠬᠤ ᠵᠡᠷᠭᠡ ᠱᠠᠲᠤ ᠬᠤᠪᠢᠶᠠᠳᠠᠭ᠃ ᠥᠨᠳᠥᠷ ᠳᠤᠯᠠᠬᠠᠨ᠂ ᠥᠨᠳᠥᠷ ᠴᠢᠭᠢᠭᠯᠢᠭ ᠣᠷᠴᠢᠨ ᠲᠣᠭᠤᠷᠢᠨ ᠢᠯᠡᠷᠡᠭᠰᠡᠨ᠋ ᠤ᠊ ᠳᠠᠷᠠᠭ᠎ᠠ᠂ ᠬᠡᠦᠬᠡᠳ᠋᠊ ᠤᠳ ᠶᠠᠳᠠᠷᠠᠵᠤ ᠲᠠᠮᠢᠷᠳᠠᠬᠤ᠂ ᠲᠣᠯᠣᠬᠠᠢ ᠡᠷᠭᠢᠵᠦ ᠲᠣᠯᠣᠬᠠᠢ ᠡᠪᠡᠳᠬᠦ᠂ ᠠᠮᠠ ᠬᠠᠲᠠᠵᠤ ᠬᠥᠯᠥᠰᠦ ᠶᠡᠭᠡ ᠭᠠᠷᠬᠤ᠂ ᠳᠤᠷ᠎ᠠ ᠪᠣᠯᠭᠢᠵᠤ ᠪᠥᠭᠡᠯᠵᠢᠬᠦ᠂ ᠴᠢᠷᠠᠢ ᠬᠤᠵᠶ᠋ᠢᠬᠤ᠂ ᠵᠢᠷᠦᠬᠡᠨ ᠴᠣᠬᠢᠯᠭ᠎ᠠ ᠲᠦᠷᠭᠡᠰᠬᠦ᠂ ᠤᠰᠤ ᠠᠯᠳᠠᠬᠤ ᠵᠡᠷᠭᠡ ᠡᠪᠡᠳᠴᠢᠨ᠋ ᠤ᠊ ᠰᠢᠨᠵᠢ ᠢᠯᠡᠷᠡᠪᠡᠯ ᠨᠠᠷᠠᠰᠢᠬᠰᠠᠨ ᠪᠠᠶ᠋ᠢᠬᠤ ᠮᠠᠬᠠᠳ ᠦᠭᠡᠢ᠃    ᠨᠠᠷᠠᠰᠢᠭᠰᠠᠨ ᠬᠡᠦᠬᠡᠳ᠋᠊ ᠢ᠊ ᠬᠡᠷᠬᠢᠨ ᠠᠰᠠᠷᠠᠨ ᠬᠠᠷᠠᠬᠠᠯᠵᠠᠬᠤ ᠪᠣᠶ︖ ᠡᠷᠡᠭᠦᠯ ᠮᠡᠨᠳᠦ ᠶᠢᠨ ᠰᠠᠨᠠᠭᠤᠯᠤᠮᠵ᠊ ᠢ ᠲᠤ ᠬᠡᠷᠪᠡ ᠬᠡᠦᠬᠡᠳ ᠨᠠᠷᠠᠰᠢᠬᠤ ᠢᠯᠡᠷᠡᠯ ᠲᠠᠢ ᠪᠠᠶ᠋ᠢᠪᠠᠯ᠂ ︽ᠨᠢᠭ᠊ ᠡ ᠲᠤ ᠨᠡᠭᠦᠯᠭᠡᠬᠦ᠂ ᠬᠤᠶᠠᠷ ᠲᠤ ᠪᠠᠭᠤᠷᠠᠭᠤᠯᠬᠤ᠂ ᠭᠤᠷᠪ᠊ ᠠ ᠲᠤ ᠨᠥᠬᠦᠪᠦᠷᠢᠯᠡᠬᠦ᠂ ᠳᠥᠷᠪ᠊ ᠡ ᠲᠤ ᠰᠢᠯᠵᠢᠭᠦᠯᠬᠦ︾ ᠵᠠᠷᠴᠢᠮ ᠵᠶᠠᠷ ᠰᠶ᠋ᠢᠳᠪᠦᠷᠢᠯᠡᠨ᠎ᠡ᠄ ᠨᠡᠭᠦᠭᠡᠯᠭᠡᠬᠦ ᠭᠡᠳᠠᠭ᠋ ᠨᠢ ᠬᠡᠦᠬᠡᠳ᠋᠊ ᠢ᠊ ᠥᠨᠳᠥᠷ ᠬᠠᠯᠠᠭᠤᠨ᠂ ᠥᠨᠳᠥᠷ ᠴᠢᠭᠢᠭᠯᠢᠭ᠂ ᠪᠢᠲᠡᠭᠦᠮᠵᠢᠯᠡᠭᠰᠡᠨ᠂ ᠨᠡᠷᠡᠨ᠋ ᠲᠤ ᠰᠢᠷᠠᠭᠳᠠᠭᠰᠠᠨ ᠣᠷᠴᠢᠨ᠎ᠠ ᠴᠠ ᠦᠳᠲᠡᠷ ᠲᠦᠷᠭᠡᠨ ᠵᠠᠶ᠋ᠢᠯᠠᠭᠤᠯᠵᠤ᠂ ᠰᠡᠷᠢᠭᠦᠨ ᠭᠠᠵᠠᠷ ᠰᠢᠯᠵᠢᠭᠦᠯᠦᠨ᠎ᠡ︔ ᠳᠤᠯᠠᠬᠠᠨ᠋ ᠤ᠊ ᠬᠡᠮᠵᠢᠶ᠎ᠡ ᠶᠢ ᠪᠠᠭᠤᠷᠠᠭᠤᠯᠬᠤ ᠪᠣᠯ ᠨᠠᠷᠠᠰᠢᠭᠰᠠᠨ᠎ᠠ ᠴᠠ ᠲᠦᠷᠭᠡᠨ ᠠᠪᠤᠷᠠᠬᠤ ᠬᠠᠮᠤᠭ᠋ ᠤᠨ ᠴᠢᠬᠤᠯᠠ ᠠᠷᠭ᠎ᠠ ᠬᠡᠮᠵᠢᠶ᠎ᠡ ᠮᠥᠨ᠂ ᠨᠠᠷᠠᠰᠢᠭᠰᠠᠨ᠋ ᠤ᠊ ᠳᠠᠷᠠᠭ᠎ᠠ 30 ᠮᠢᠨᠦ᠋ᠲ᠊ ᠤᠨ ᠳᠣᠲᠣᠷ᠎ᠠ ᠡᠷᠬᠡᠪᠰᠢ ᠠᠯᠢ ᠲᠦᠷᠭᠡᠨ ᠵᠶᠠᠷ 40 ᠭᠷᠡᠳᠦ᠋ᠰ᠎ᠠ ᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠳᠤᠯᠠᠬᠠᠨ᠋ ᠤ᠊ ᠬᠡᠮᠵᠢᠶ᠎ᠡ ᠶᠢ ᠪᠠᠭᠤᠷᠠᠭᠤᠯᠬ᠊ ᠤᠲ᠋ᠤ ᠬᠤᠪᠴᠠᠰᠤ ᠬᠤᠨᠠᠷ ᠢ ᠨᠢ ᠲᠠᠶ᠋ᠢᠯᠬᠤ᠂ ᠪᠦᠯᠢᠶᠡᠨ ᠤᠰ᠊ ᠤᠪᠠᠷ ᠪᠦᠬᠦ ᠪᠡᠶ᠎ᠡ ᠵ᠊ ᠢ ᠨᠢ ᠵᠦᠯᠭᠦᠬᠦ᠂ ᠰᠠᠯᠬᠢᠨ ᠰᠡᠩᠰᠡ ᠪᠤᠶᠤ ᠠᠬᠠᠷ ᠲᠣᠬᠢᠷᠠᠭᠤᠯᠤᠭᠴ᠊ ᠢ ᠪᠠᠷ ᠢᠯᠴᠢ ᠰᠠᠷᠨᠢᠭᠤᠯᠬᠤ ᠵᠡᠷᠭᠡ ᠪᠠᠭᠲᠠᠨ᠎ᠠ︔ ᠬᠡᠦᠬᠡᠳ ᠨᠠᠷᠠᠰᠢᠪᠠᠯ ᠦᠷᠭᠦᠯᠵᠢ ᠤᠰᠤ ᠠᠯᠳᠠᠬᠤ ᠪᠠ ᠴᠠᠬᠢᠯᠬᠠᠨ ᠵᠠᠳᠠᠯᠤᠭᠳᠠᠬᠤᠨ ᠰᠠᠮᠠᠭᠤᠷᠠᠬᠤ ᠪᠠᠶ᠋ᠢᠳᠠᠯ ᠭᠠᠷᠳᠠᠭ᠂ ᠡᠶ᠋ᠢᠮ᠊ ᠦᠠ᠋ ᠴᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠬᠡᠦᠬᠡᠳ᠋ᠲ᠋ᠤ ᠬᠡᠪ᠊ ᠤᠨ ᠳᠤᠯᠠᠬᠠᠨ᠋ ᠲᠠᠢ ᠤᠰᠤ ᠪᠤᠶᠤ ᠴᠠᠬᠢᠯᠬᠠᠨ ᠵᠠᠳᠠᠯᠤᠭᠳᠠᠬᠤᠨ᠋ ᠤ᠊ ᠤᠮᠳᠠᠬᠠᠨ ᠤᠤᠭᠤᠯᠬᠠᠪᠠᠯ ᠵᠣᠬᠢᠨ᠎ᠠ︔ ᠬᠦᠨᠳᠦ ᠬᠡᠯᠪᠡᠷᠢ ᠶᠢᠨ ᠨᠠᠷᠠᠰᠢᠭᠰᠠᠨ᠂ ᠢᠯᠠᠩᠭᠤᠶ᠎ᠠ ᠶᠡᠭᠡ ᠬᠠᠯᠠᠭᠤᠷᠠᠬᠤ᠂ ᠤᠬᠠᠬᠠᠨ ᠰᠠᠨᠠᠭ᠎ᠠ ᠪᠠᠯᠠᠷᠠᠬᠤ᠂ ᠲᠠᠲᠠᠪᠠᠯᠵᠠᠬᠤ ᠵᠡᠷᠭᠡ ᠮᠡᠳᠡᠷᠡᠯ ᠤᠨ ᠰᠢᠰᠲ᠋ᠧᠮ ᠤᠨ ᠡᠪᠡᠳᠴᠢᠨ᠋ ᠤ᠊ ᠢᠯᠡᠷᠡᠯ ᠲᠠᠢ ᠬᠡᠦᠬᠡᠳ᠋᠊ ᠢ᠊ ᠳᠠᠷᠦ᠋ᠢᠬᠠᠨ ᠣᠶ᠋ᠢᠷ᠎ᠠ ᠬᠠᠪᠢ ᠶᠢᠨ ᠡᠮᠨᠡᠯᠭᠡ ᠶᠢᠨ ᠬᠤᠷᠢᠶ᠎ᠠ ᠲᠤ ᠬᠦᠷᠭᠡᠵᠦ ᠡᠮᠨᠡᠭᠦᠯᠬᠦ ᠬᠡᠷᠡᠭᠲᠡᠢ᠃   
ᠢᠷᠡᠯᠲᠡ᠄ ᠠᠯᠠᠱᠠ ᠠᠢᠮᠠᠭ᠋ ᠤᠨ ᠵᠠᠬᠢᠷᠭ᠎ᠠ