ᠬᠥᠳᠡᠭᠡ ᠲᠣᠰᠬᠤᠨ᠋ ᠤ᠊ ᠭᠡᠷ ᠪᠠᠶ᠋ᠢᠰᠢᠩ᠊ ᠢ᠊ ᠶᠠᠬᠠᠬᠢᠵᠤ ᠪᠠᠷᠢᠪᠠᠯ ᠨᠠᠩ ᠠᠮᠤᠷ ᠲᠦᠪᠰᠢᠨ ᠪᠤᠢ︖
ᠨᠡᠶᠢᠲᠡᠯᠡᠭᠰᠡᠨ ᠴᠠᠭ᠄
2025/4/11
    ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶ᠋ᠢᠭᠤᠯᠤᠯᠲᠠ ᠶᠢᠨ ᠶᠠᠮᠤᠨ᠋ ᠤ᠊ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶ᠋ᠢᠭᠤᠯᠤᠯᠲᠠ ᠶᠢᠨ ᠶᠠᠮᠤᠨ᠂ ᠪᠠᠴᠢᠮ ᠪᠠᠶ᠋ᠢᠳᠠᠯ ᠢ᠊ ᠠᠷᠬᠠᠴᠠᠬᠠᠬᠤ ᠬᠠᠮᠢᠶᠠᠷᠤᠯᠲᠠ ᠶᠢᠨ ᠶᠠᠮᠤᠨ᠂ ᠪᠠᠶ᠋ᠢᠬᠠᠯᠢ ᠶᠢᠨ ᠡᠬᠢ ᠪᠠᠶᠠᠯᠢᠭ᠋ ᠤᠨ ᠶᠠᠮᠤᠨ᠂ ᠭᠦᠳᠡᠭᠡ ᠠᠵᠤ ᠠᠬᠤᠢ ᠬᠥᠳᠡᠭᠡ ᠲᠣᠰᠬᠤᠨ᠋ ᠤ᠊ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠦᠷᠦᠭᠦᠬᠡᠨ ᠬᠠᠮᠲᠤᠷᠠᠨ ︽ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠪᠥᠲᠥᠭᠡᠨ ᠪᠠᠶ᠋ᠢᠭᠤᠯᠤᠯᠲᠠ ᠶᠢᠨ ᠬᠠᠮᠢᠶᠠᠷᠤᠯᠲᠠ ᠶᠢ ᠴᠢᠩᠬᠠᠳᠬᠠᠬᠤ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ᠊ ᠳᠠᠷᠤᠮᠠᠯᠯᠠᠨ ᠲᠠᠷᠬᠠᠬᠠᠪᠠ᠃    ︽ᠰᠠᠨᠠᠯ︾ ᠲᠤ᠂ 2025 ᠣᠨ ᠪᠣᠯᠬ᠊ ᠤᠲ᠋ᠤ᠂ ᠬᠥᠳᠡᠭᠡ ᠲᠣᠰᠬᠤᠨ᠋ ᠤ᠊ ᠣᠨᠴᠠᠯᠢᠭ᠋ ᠲᠤ ᠵᠣᠬᠢᠴᠠᠭᠰᠠᠨ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠪᠥᠲᠥᠭᠡᠨ ᠪᠠᠶ᠋ᠢᠭᠤᠯᠤᠯᠲᠠ ᠶᠢᠨ ᠬᠠᠮᠢᠶᠠᠷᠤᠯᠲᠠ ᠶᠢᠨ ᠪᠠᠶ᠋ᠢᠭᠤᠯᠤᠯ ᠲᠣᠭᠲᠠᠴᠠ ᠶᠢ ᠦᠨᠳᠦᠰᠦᠨ᠋ ᠲᠡᠭᠡᠨ ᠪᠠᠶ᠋ᠢᠭᠤᠯᠵᠤ᠂ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠶᠠᠰᠤ ᠴᠢᠨᠠᠷ ᠤᠨ ᠠᠮᠤᠷ ᠲᠦᠪᠰᠢᠨ᠋ ᠤ᠊ ᠪᠥᠬᠦ ᠶᠠᠪᠤᠴ᠊ ᠠ ᠲᠤ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠳᠠ ᠬᠢᠵᠦ᠂ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠪᠥᠲᠥᠭᠡᠨ ᠪᠠᠶ᠋ᠢᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠬᠠᠵᠤ᠂ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠠᠮᠤᠷ ᠳᠦᠪᠰᠢᠨ᠋ ᠤ᠊ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠶᠠᠰᠤ ᠴᠢᠨᠠᠷ ᠤᠨ ᠠᠮᠤᠷ ᠲᠦᠪᠰᠢᠨ᠋ ᠤ᠊ ᠬᠢᠷᠢ ᠲᠦᠪᠰᠢᠨ᠋ ᠢ᠊ ᠨᠡᠶ᠋ᠢᠳᠡᠮ ᠳᠡᠭᠡᠭᠰᠢᠯᠡᠭᠦᠯᠦᠨ᠎ᠡ᠃ 2035 ᠣᠨ ᠪᠣᠯᠬ᠊ ᠤᠲ᠋ᠤ᠂ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠪᠥᠲᠥᠭᠡᠨ ᠪᠠᠶ᠋ᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠪᠠ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ᠊ ᠪᠥᠬᠦ ᠲᠠᠯ᠎ᠠ ᠪᠠᠷ ᠪᠠᠶ᠋ᠢᠭᠤᠯᠵᠤ᠂ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠶᠠᠰᠤ ᠴᠢᠨᠠᠷ ᠤᠨ ᠠᠮᠤᠷ ᠲᠦᠪᠰᠢᠨ᠋ ᠢ᠊ ᠦᠨᠡᠨ ᠬᠦ ᠪᠠᠲᠤᠯᠠᠵᠤ᠂ ᠢᠵᠢ ᠪᠥᠷᠢᠳᠦᠭᠦᠯᠬᠦ ᠲᠥᠬᠦᠭᠡᠷᠦᠮᠵᠢ ᠶᠢ ᠦᠨᠳᠦᠰᠦᠨ᠋  ᠲᠡᠭᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ᠋ ᠤ᠊ ᠬᠡᠷ ᠪᠠᠶ᠋ᠢᠰᠢᠩ᠊ ᠤᠨ ᠪᠥᠲᠥᠭᠡᠨ ᠪᠠᠶ᠋ᠢᠭᠤᠯᠤᠯᠲᠠ ᠶᠢᠨ ᠶᠠᠰᠤ ᠴᠢᠨᠠᠷ ᠢ᠊ ᠶᠡᠭ᠊ ᠡ ᠪᠠᠷ ᠳᠡᠭᠡᠭᠰᠢᠯᠡᠭᠦᠯᠦᠨ᠎ᠡ᠃  
ᠢᠷᠡᠯᠲᠡ᠄ ᠠᠯᠠᠱᠠ ᠠᠢᠮᠠᠭ᠋ ᠤᠨ ᠵᠠᠬᠢᠷᠭ᠎ᠠ