4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠰᠢᠭᠤᠨ ᠤ ᠴᠡᠭᠴᠡᠯᠡᠨ ᠰᠠᠶᠢᠵᠢᠷᠠᠭᠤᠯᠬᠤ ᠠᠵᠢᠯ ᠢ | ᠠᠬᠢᠭᠤᠯᠤᠭᠰᠠᠨ ᠪᠠᠶᠢᠳᠠᠯ ᠢ ᠳ᠋ᠦᠩᠨᠡᠵᠦ᠂ ᠲᠠᠷᠠᠭᠠᠴᠢ ᠶᠢᠨ ᠱᠠᠲᠤᠨ ᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ᠲᠥᠪ ᠴᠢᠩᠭ᠎ᠠ ᠤᠯᠤᠰ ᠲᠥᠷᠥ ᠶᠢᠨ ᠡᠭᠦᠷᠭᠡ᠂ ︽ᠬᠤᠶᠠᠷ ᠢ ᠬᠠᠮᠠᠭᠠᠯᠠᠬᠤ︾ ᠶᠢ | ᠰᠢᠯᠭᠠᠬᠤ ᠰᠢᠯᠭᠠᠭᠤᠷ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ | ᠰᠠᠶᠢᠵᠢᠷᠠᠭᠤᠯᠬᠤ ᠰᠠᠨᠠᠭᠠᠴᠢᠯᠠᠭᠠᠲᠤ ᠴᠢᠨᠠᠷ ᠪᠣᠯᠤᠨ ᠤᠬᠠᠮᠰᠠᠷᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠲᠥᠪ ᠤᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ | ᠡᠯ᠎ᠡ ᠬᠦᠷᠢᠶᠡᠨ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠶ ᠲᠠᠯ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠰᠢᠶ᠋ᠳᠪᠦᠷᠢᠯᠡᠬᠦ ᠠᠷᠭ᠎ᠠ | ᠬᠡᠮᠵᠢᠶ᠎ᠡ ᠲᠣᠭᠲᠠᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠦᠴᠦᠲᠡᠶ | ᠭᠠᠷᠳᠠᠴᠠ ᠪᠣᠯᠭᠠᠨ ᠬᠤᠪᠢᠷᠠᠭᠤᠯᠬᠤ ᠬᠡᠷᠡᠭᠲᠡᠶ᠃ | ᠬᠤᠷᠠᠯ ᠠᠴᠠ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ︽ᠪᠢᠲᠡᠭᠦᠮᠵᠢᠲᠦ ᠴᠠᠭᠠᠷᠢᠭ︾ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠢᠨᠠᠯᠲᠠ | ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ︽ᠲᠣᠭᠲᠠᠴᠠ ᠴᠢᠩᠭ᠎ᠠ ᠪᠠᠶᠢᠬᠤ︾ ᠪᠠᠷ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠦᠩᠬᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ︽ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ︾᠂ ︽ᠲᠦᠷᠢᠮ ᠲᠣᠭᠲᠠᠭᠠᠯ ᠲᠣᠭᠲᠠᠭᠠᠬᠤ︾᠂ ︽ᠨᠢᠭᠡᠳᠦᠯᠲᠡᠢ ᠲᠥᠯᠥᠪᠵᠢᠭᠦᠯᠬᠦ ᠶᠢ ᠤᠶᠠᠯᠳᠤᠭᠤᠯᠬᠤ︾ ᠪᠠᠷ ᠭᠤᠣᠯᠳᠠᠭᠤᠯᠤᠨ ᠴᠡᠭᠴᠡᠯᠡᠨ | ᠰᠠᠶᠢᠵᠢᠷᠠᠭᠤᠯᠬᠤ ᠶᠢ ᠠᠳᠬᠤᠵᠤ᠂ ︽ᠦᠷ᠎ᠡ ᠪᠦᠲᠦᠮᠵᠢ ᠴᠢᠩᠭ᠎ᠠ ᠪᠠᠶᠢᠬᠤ︾ ᠪᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠶᠢᠩᠭᠤ ᠪᠦᠲᠦᠮᠵᠢᠲᠡᠢ | ᠪᠠᠶᠢᠯᠭᠠᠬᠤ ᠶᠢ ᠪᠠᠲᠤᠯᠠᠵᠤ᠂ ᠤᠯᠠᠨ ᠲᠦᠮᠡᠨ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠴᠠ ᠪᠣᠯᠤᠭᠰᠠᠨ ᠰᠢᠨ᠎ᠡ ᠬᠤᠪᠢᠷᠠᠯᠲᠠ᠂ ᠰᠢᠨ᠎ᠡ | ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠴᠢᠩᠭ᠎ᠠ ᠪᠠᠷᠢᠮᠵᠢᠶ᠎ᠠ᠂ ᠪᠣᠳᠠᠲᠠᠢ ᠰᠤᠷᠲᠠᠯ᠂ ᠴᠢᠩᠭ᠎ᠠ ᠠᠷᠭ᠎ᠠ ᠬᠡᠮᠵᠢ᠊ ᠡᠶ᠎ᠡ ᠪᠠᠷ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠴᠢᠨᠠᠷ | ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | | |