ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠯᠠᠩ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/4/21

    4 ᠰᠠᠷ᠎ᠠ ᠶᠢᠨ 11 ᠤ ᠡᠳᠦᠷ᠂ ᠬᠤᠰᠢᠭᠤ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠳᠥᠷᠪᠡᠳᠦᠭᠡᠷ

ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠴᠢ ᠬᠤᠯᠪᠣᠭᠳᠠᠯ ᠪᠥᠬᠦᠶ

ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢᠬᠢ

ᠲᠥᠪ ᠤᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠣᠯᠤᠭᠰᠠᠨ ᠢᠯᠡᠳᠲᠡ ᠦᠷ᠎ᠡ ᠪᠦᠲᠦᠮᠵᠢ ᠶᠢ ᠰᠢᠰᠲ᠋ᠧᠮ ᠲᠠᠢ ᠳ᠋ᠦᠩᠨᠡᠬᠦ︾

ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ ᠬᠤᠷᠠᠯ ᠢ

ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

    ᠲᠠᠨ ᠬᠤᠸᠠ᠂ ᠪᠦᠬᠦ ᠬᠤᠰᠢᠭᠤ ᠪᠠᠷ ᠢᠶᠠᠨ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠪᠣᠯᠤᠨ ᠠᠭᠤᠯᠤᠭᠳᠠᠬᠤᠨ ᠢ ᠣᠨᠣᠪᠴᠢᠲᠠᠢ ᠤᠢᠢᠯᠠᠭᠠᠨ

ᠡᠵᠡᠮᠰᠢᠵᠦ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ

ᠪᠠᠲᠤᠯᠠᠬᠤ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ

ᠴᠢᠩᠭᠠᠳᠬᠠᠵᠤ᠂ ᠰᠤᠷᠭᠠᠨ ᠬᠥᠮᠦᠵᠢᠯ᠂ ᠣᠷᠣᠰᠢᠭᠤᠯᠭ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠶᠠᠪᠤᠳᠠᠯ

ᠭᠦᠶ᠋ᠴᠡᠳᠬᠡᠬᠦ ᠳᠤ ︽ᠢᠳᠡᠬᠦ ᠠᠪᠬᠤ ᠭᠠᠴᠢᠬᠤ ᠨᠡᠬᠡᠬᠦ︾ ᠶᠢ ᠴᠢᠩᠭ᠎ᠠ ᠪᠠᠶᠢᠴᠠᠭᠠᠵᠤ᠂ ᠪᠠᠯᠠ ᠮᠥᠩᠭᠦ ᠶᠢᠨ ︽ᠭᠤᠭᠤᠵᠢᠵᠤ ᠭᠡᠭᠡᠭᠳᠡᠬᠦ︾ ᠶᠢ ᠴᠢᠩᠭ᠎ᠠ ᠰᠡᠷᠭᠡᠶᠢᠯᠡᠬᠦ

ᠬᠡᠷᠡᠭᠲᠡᠶ᠃ ︽ᠬᠡᠪᠲᠡᠭᠡ ᠮᠠᠶ᠋ᠢᠭ︾ ᠤᠨ ᠺᠠᠳ᠋ᠷ ᠢ ᠴᠡᠭᠴᠡᠯᠡᠨ ᠵᠠᠰᠠᠬᠤ ᠶᠢ ᠰᠠᠶᠢᠲᠤᠷ ᠥᠷᠨᠢᠭᠦᠯᠵᠦ᠂ ︽ᠤᠳᠠᠭᠠᠨ ᠪᠦᠳᠦᠭᠦᠯᠢᠭ ᠬᠡᠶᠢᠰᠪᠦᠷᠢ︾ ᠠᠯᠳᠠᠭ᠎ᠠ

ᠪᠤᠷᠤᠭᠤ ᠶᠢ ᠵᠠᠯᠠᠷᠠᠭᠤᠯᠵᠤ᠂ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠳᠤ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠵᠦ᠂ ᠠᠯᠪᠠ ᠬᠠᠰᠢᠵᠤ ᠠᠯᠪᠠ

ᠬᠠᠰᠢᠪᠠᠯ ᠡᠷᠡᠰ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

    ᠲᠠᠨ ᠬᠤᠸᠠ᠂ ᠪᠦᠬᠦ ᠲᠠᠯ᠎ᠠ ᠪᠠᠷ ᠲᠥᠯᠥᠪᠵᠢᠭᠦᠯᠬᠦ᠂ ᠭᠤᠣᠯᠳᠠᠯᠭ᠎ᠠ ᠲᠠᠢ ᠰᠢᠪᠲᠤᠯᠬᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ

ᠠᠵᠢᠯ ᠤᠨ ᠠᠷᠭ᠎ᠠ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠰ ᠤᠨ

ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃

ᠣᠶ ᠰᠢᠭᠤᠶ ᠡᠪᠡᠰᠦ ᠪᠡᠯᠴᠢᠭᠡᠷ ᠢ ᠰᠦᠶ᠋ᠳᠬᠡᠵᠦ ᠨᠤᠭᠤ ᠭᠠᠵᠠᠷ ᠢ ᠰᠦᠶ᠋ᠳᠬᠡᠬᠦ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠬᠠᠤᠯᠢ ᠲᠣᠭᠲᠠᠭᠠᠯ ᠶᠣᠰᠣᠭᠠᠷ

᠂ ᠣᠶᠢᠲᠤ ᠭᠠᠵᠠᠷ ᠡᠪᠡᠰᠦ ᠪᠡᠯᠴᠢᠭᠡᠷ ᠨᠤᠭᠤ ᠭᠠᠵᠠᠷ ᠢ ᠡᠪᠳᠡᠬᠦ ᠠᠵᠢᠯᠯᠠᠭ᠎ᠠ ᠶᠢ ᠴᠢᠩᠭ᠎ᠠ ᠬᠠᠮᠢᠶᠠᠷᠤᠨ ᠴᠢᠩᠭ᠎ᠠ ᠪᠠᠶᠢᠴᠠᠭᠠᠬᠤ ᠬᠡᠷᠡᠭᠲᠡᠶ᠃ ᠭᠠᠵᠠᠷ ᠰᠢᠷᠣᠢ ᠶᠢᠨ

ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠡᠮᠬᠢᠯᠡᠬᠦ ᠪᠠ

ᠵᠠᠳᠠᠯᠵᠤ ᠰᠤᠳᠤᠯᠤᠨ ᠮᠠᠭᠠᠳᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂

ᠠᠶᠤᠯᠭᠦᠶ ᠦᠶ᠋ᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠭᠠᠯ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂

ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ᠃

20250414094656819vcdhlt.jpg

 

ᠢᠷᠡᠯᠲᠡ᠄ ᠲᠣᠲᠣᠷᠬᠠᠢ ᠦᠭᠡᠢ