4 ᠰᠠᠷ᠎ᠠ ᠶᠢᠨ 18 ᠤ ᠡᠳᠦᠷ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠬᠢᠭᠡᠳ ᠭᠦᠸᠧ ᠬᠤᠸᠠ ᠪᠠᠯᠠ ᠣᠷᠣᠭᠤᠯᠤᠯᠲᠠ ᠶᠢᠨ | ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠺᠣᠮᠫᠠᠨᠢ᠂ ᠸᠠᠨ ᠪᠠᠩ ᠲᠣᠭᠠᠴᠢᠯᠠᠭᠰᠠᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠭᠡᠷ᠎ᠡ ᠲᠣᠭᠲᠠᠬᠤ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ ᠳ᠋ᠠ ᠶᠢᠩ᠂ ᠭᠦᠸᠧ ᠬᠤᠸᠠ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠵᠡᠭᠦᠨ | ᠬᠡᠰᠡᠭ ᠤᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠧᠦ ᠴᠢᠤᠸᠠᠨ᠂ ᠸᠠᠨ ᠪᠠᠩ ᠲᠣᠭᠠᠴᠢᠯᠠᠭᠰᠠᠨ | ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠠᠨ ᠯᠢᠶᠠᠩ ᠨᠠᠷ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ | ᠃ | ᠭᠡᠷ᠎ᠡ ᠲᠣᠭᠲᠠᠭᠠᠬᠤ ᠠᠴᠠ ᠡᠮᠦᠨ᠎ᠡ᠂ ᠭᠦᠸᠧ ᠬᠤᠸᠠ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠺᠣᠮᠫᠠᠨᠢ ᠶᠢᠨ | ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠲᠦᠷᠦᠯ ᠵᠦᠢᠯ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ | ᠣᠳᠣᠬᠠᠨ ᠤ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠡᠷᠡᠭᠵᠢᠭᠦᠯᠦᠭᠰᠡᠨ 60 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠰᠠᠭᠤᠷᠢᠨ ᠭᠠᠵᠠᠷ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠠᠵᠢᠯ ᠤᠨ ᠰᠠᠨᠠᠭᠤᠯᠭ᠎ᠠ ᠳᠤᠷᠠᠳᠴᠠᠢ᠃ ᠵᠧᠦ ᠴᠢᠤᠸᠠᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠤ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠶᠢᠳᠠᠯ ᠢ ᠲᠠᠨᠢᠯᠴᠠᠭᠤᠯᠵᠤ᠂ ᠠᠨ ᠪᠠᠩ ᠲᠣᠭᠠᠴᠢᠯᠠᠭᠰᠠᠨ ᠡᠨᠧᠷᠭᠢ ᠶᠢᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠶᠢ ᠲᠠᠨᠢᠯᠴᠠᠭᠤᠯᠪᠠ᠃ | ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠭᠦᠸᠧ ᠬᠤᠸᠠ ᠪᠡᠯᠡ | ᠣᠷᠣᠭᠤᠯᠤᠯᠲᠠ ᠶᠢᠨ ᠮᠧᠩ ᠳ᠋ᠦᠩ ᠬᠤᠪᠢᠶᠠᠷᠢ ᠺᠣᠮᠫᠠᠨᠢ᠂ ᠸᠠᠨ ᠪᠠᠩ ᠲᠣᠭᠠᠴᠢᠯᠠᠭᠰᠠᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽ | ᠤᠯᠤᠰ ᠤᠨ ᠬᠤᠸᠠ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠢ ᠲᠣᠭᠲᠠᠪᠠ᠃ | ᠲᠠᠨ ᠬᠤᠸᠠ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠲᠠᠰᠤᠷᠠᠯᠳᠠ | ᠦᠭᠡᠢ ᠰᠢᠯᠢᠳᠡᠭᠵᠢᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ︽ᠠᠰᠠᠷᠠᠭᠴᠢ ᠮᠠᠶ᠋ᠢᠭ︾ ᠤᠨ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ ᠪᠣᠯᠤᠨ᠎ᠠ᠃ ᠣᠷᠣᠨ ᠨᠤᠲᠤᠭ ᠪᠠ | ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠢᠯᠡᠭᠦᠬᠡᠨ ᠨᠡᠪᠲᠡᠷᠡᠯᠴᠡᠵᠦ ᠢᠯᠡᠭᠦᠬᠡᠨ ᠵᠣᠬᠢᠴᠠᠭᠤᠯᠵᠤ᠂ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠡᠯ᠎ᠡ | ᠵᠦᠢᠯ ᠤᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠬᠡᠷᠡᠭᠵᠢᠭᠦᠯᠦᠯᠲᠡ ᠳᠤ ᠬᠠᠷᠰᠢ ᠰᠠᠭᠠᠳ ᠢ ᠠᠷᠢᠯᠭᠠᠬᠤ ᠶᠢ | ᠬᠦᠰᠡᠵᠦ ᠪᠠᠶᠢᠨ᠎ᠠ ᠭᠡᠵᠡᠢ᠃ ᠲᠣᠰ ᠤᠳᠠᠭᠠᠨ ᠤ ᠭᠡᠷ᠎ᠡ ᠲᠣᠭᠲᠠᠬᠤ ᠪᠠᠷ ᠡᠬᠢᠯᠡᠯᠲᠡ ᠪᠣᠯᠭᠠᠵᠤ᠂ ᠭᠠᠵᠠᠷ ᠰᠢᠷᠣᠶ ᠲᠠᠲᠠᠪᠤᠷᠢᠯᠠᠬᠤ ᠵᠢᠴᠢ ᠡᠮᠦᠨᠡᠬᠢ ᠬᠤᠭᠤᠴᠠᠭᠠᠨ ᠤ | ᠭᠠᠷᠳᠠᠮ ᠭᠦᠢᠴᠡᠳᠭᠡᠬᠦ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠵᠢᠯ ᠳᠠᠭᠤᠰᠬᠠᠬᠤ ᠶᠢ | ᠠᠬᠢᠭᠤᠯᠬᠤ ᠬᠡᠷᠡᠭᠲᠡᠶ᠃ | |