4 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠮᠧᠩ ᠳ᠋ᠠ ᠶᠢᠩ ᠪᠥᠬᠦ | ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠭᠤᠮᠲᠠ | ᠰᠢᠪᠲᠤᠯᠬᠤ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ | ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠠᠬᠢᠨ ᠲᠣᠬᠢᠷᠠᠭᠤᠯᠤᠨ ᠪᠠᠶᠢᠷᠢᠯᠠᠭᠤᠯᠪᠠ᠃ | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠰᠢᠶᠠᠩ ᠪᠠᠯᠭᠠᠰᠤ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠣᠳᠣᠬᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠪᠠᠶᠢᠳᠠᠯ᠂ ᠪᠣᠳᠠᠲᠠᠶ ᠱᠠᠭᠠᠷᠳᠠᠯᠭ᠎ᠠ ᠪᠠ ᠬᠠᠷᠠᠯᠲᠠ ᠡᠭᠦᠷᠭᠡ ᠶᠢ ᠭᠦᠢᠴᠡᠳ ᠲᠠᠨᠢᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠴᠢᠩᠭ᠎ᠠ | ᠬᠠᠷᠭᠤᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠬᠤ ᠬᠡᠷᠡᠭᠲᠡᠶ᠃ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠰᠢᠨᠵᠢᠯᠡᠬᠦ ᠤᠬᠠᠭᠠᠨᠴᠢ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠶᠡᠷᠦᠩᠬᠡᠶᠢᠯᠡᠨ ᠵᠣᠬᠢᠴᠠᠭᠤᠯᠬᠤ ᠪᠠ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠡᠯ᠎ᠡ ᠰᠢᠶᠠᠩ | ᠪᠠᠯᠭᠠᠰᠤ ᠨᠤᠭᠤᠳ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠬᠤ ᠬᠡᠷᠡᠭᠲᠡᠶ︔ ᠡᠯ᠎ᠡ ᠪᠥᠲᠥᠭᠡᠨ ᠪᠠᠶᠢᠭᠤᠯᠤᠯᠲᠠ ᠳᠤ | ᠣᠷᠣᠯᠴᠠᠭᠰᠠᠨ ᠨᠢᠭᠡᠴᠡ ᠨᠦᠭᠦᠳ ᠲᠥᠷᠥᠯ ᠵᠦᠢᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠴᠣᠩᠬᠤᠪᠴᠢ ᠶᠢᠨ ᠬᠤᠭᠤᠴᠠᠭ᠎ᠠ ᠶᠢ ᠵᠠᠪᠳᠤᠨ ᠠᠳᠬᠤᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ |