ᠠᠷᠡᠯ ᠪᠠᠯᠭᠠᠰᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/22

3 ᠰᠠᠷ᠎ᠠ ᠶᠢᠨ 31 ᠤ ᠡᠳᠦᠷ᠂ᠠᠷᠡᠯ ᠪᠠᠯᠭᠠᠰᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ

ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ

ᠵᠦᠶ᠋ᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠂ ᠬᠤᠰᠢᠭᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ

ᠶᠡᠭᠡ ᠠᠩᠭᠢ᠂ ᠬᠤᠰᠢᠭᠤᠨ ᠤ ᠭᠠᠯ ᠰᠡᠷᠭᠡᠶᠢᠯᠡᠬᠦ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤᠳᠤᠷᠢᠳᠤᠯᠭ᠎ᠠ᠂ ᠪᠥᠬᠦ ᠪᠠᠯᠭᠠᠰᠤᠨ ᠤ ᠺᠠᠳ᠋ᠷ ᠠᠵᠢᠯᠲᠠᠨ᠂

ᠡᠯ᠎ᠡ ᠲᠣᠰᠬᠤᠨ ︵ᠰᠠᠭᠤᠭᠠᠯᠢ ᠠᠷᠠᠳ︶ ᠤ ᠱᠦᠵᠢ᠂ ᠳᠡᠳ᠋ ᠱᠦᠵᠢ᠂ ᠳᠡᠳ᠋ ᠡᠷᠬᠢᠯᠡᠭᠴᠢ ᠶᠢ ᠤᠷᠢᠵᠤ ᠠᠵᠢᠯᠯᠠᠭ᠎ᠠ ᠳᠤ ᠣᠷᠣᠯᠴᠠᠭᠤᠯᠪᠠ᠃

    ᠠᠵᠢᠯᠯᠠᠭ᠎ᠠ ᠶᠢᠨ ᠳᠤᠮᠳᠠ᠂ ᠬᠤᠰᠢᠭᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠭᠦᠸᠧ

ᠰᠢᠶᠤᠤ ᠯᠦᠩ ᠨᠥᠬᠦᠷ ᠵᠢᠴᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ

ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠭᠦᠸᠧ ᠵᠥᠩ ᠰᠢᠩ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ

ᠭᠦᠸᠧ ᠾᠧ ᠨᠥᠬᠦᠷ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃

    ᠳᠠᠷᠠᠭ᠎ᠠ ᠨᠢ᠂ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠥᠷᠭᠡᠨ ᠣᠯᠠᠨ ᠲᠦᠮᠡᠨ ᠳᠤ ᠲᠠᠷᠢᠶᠠᠯᠠᠬᠤ ᠶᠢ ᠵᠣᠭᠰᠣᠭᠠᠵᠤ ᠣᠶ

ᠰᠢᠭᠤᠶ ᠡᠪᠡᠰᠦ ᠪᠡᠯᠴᠢᠭᠡᠷ ᠢ ᠰᠡᠷᠭᠦᠭᠡᠵᠦ ᠨᠤᠭᠤ ᠭᠠᠵᠠᠷ ᠢ ᠰᠡᠷᠭᠦᠭᠡᠬᠦ᠂ ᠠᠶᠤᠯᠭᠦᠶ ᠦᠢᠯᠡᠳᠪᠦᠷᠢᠯᠡᠯ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠵᠡᠷᠭᠡ ᠬᠠᠮᠢᠶ᠎ᠠ

ᠪᠥᠬᠦᠶ ᠤᠬᠠᠭᠤᠯᠭ᠎ᠠ ᠶᠢᠨ ᠬᠠᠭᠤᠳᠠᠰᠤ ᠶᠢ 500 ᠭᠠᠷᠤᠶ ᠬᠤᠪᠢ ᠲᠠᠷᠬᠠᠭᠠᠵᠤ᠂ 10 ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ 10 ᠪᠠᠴᠢᠮ

ᠪᠠᠶᠢᠳᠠᠯ ᠢ ᠠᠷᠭᠠᠴᠠᠬᠤ ᠠᠩᠭᠢ ᠶᠢᠨ ᠭᠡᠰᠢᠭᠦᠨ᠂ 30 ᠰᠠᠶᠢᠨ ᠳᠤᠷ᠎ᠠ ᠶᠢᠨ ᠠᠵᠢᠯᠯᠠᠭᠴᠢ ᠪᠠᠷ ᠪᠦᠷᠢᠯᠳᠦᠭᠰᠡᠨ ᠤᠬᠠᠭᠤᠯᠭ᠎ᠠ ᠶᠢᠨ ᠡᠩᠨᠡᠭᠡ ᠳᠤ ᠡᠷᠦᠬᠡ ᠳᠤ ᠬᠦᠷᠴᠦ

ᠤᠬᠠᠭᠤᠯᠤᠨ ᠲᠠᠶᠢᠯᠪᠤᠷᠢᠯᠠᠵᠤ᠂ 2 ᠴᠠᠭᠳᠠᠭᠠᠨ ᠤ ᠲᠡᠷᠭᠡ᠂ 2 ᠭᠠᠯ ᠤᠨᠲᠠᠷᠠᠭᠠᠬᠤ ᠲᠡᠷᠭᠡ᠂ 2 ᠵᠠᠷ ᠮᠡᠳᠡᠭᠡᠨ ᠤ ᠤᠬᠠᠭᠤᠯᠭ᠎ᠠ ᠶᠢᠨ ᠲᠡᠷᠭᠡ ᠬᠥᠳᠡᠯᠭᠡᠵᠦ᠂

ᠪᠠᠯᠭᠠᠰᠤᠨ ᠤ ᠬᠠᠷᠢᠶ᠎ᠠ ᠣᠷᠣᠨ ᠤ 12 ᠲᠣᠰᠬᠤᠨ ︵ᠰᠠᠭᠤᠭᠠᠯᠢ︶ ᠤ ᠶᠠᠯᠠᠲᠤ ᠠᠵᠢᠯᠯᠠᠭ᠎ᠠ ᠳᠤ ᠣᠷᠴᠢᠯ ᠷᠠᠳᠢᠣ᠋ ᠨᠡᠪᠲᠡᠷᠡᠭᠦᠯᠭᠡ ︽ᠣᠶ ᠰᠢᠭᠤᠶ ᠶᠢᠨ ᠬᠠᠤᠯᠢ︾᠂

︽ᠨᠤᠲᠤᠭ ᠪᠡᠯᠴᠢᠭᠡᠷ ᠤᠨ ᠬᠠᠤᠯᠢ︾ ᠵᠡᠷᠭᠡ ᠠᠭᠤᠯᠭ᠎ᠠ ᠶᠢ ᠲᠠᠶᠢᠯᠪᠤᠷᠢᠯᠠᠵᠠᠢ᠃

    ᠲᠣᠰ ᠤᠳᠠᠭᠠᠨ ᠤ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠨᠢ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠤᠬᠠᠭᠤᠯᠭ᠎ᠠ

ᠬᠥᠮᠦᠵᠢᠯ ᠬᠢᠵᠦ᠂ ᠪᠥᠬᠦ ᠠᠷᠠᠳ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ

ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠢᠶᠠᠷ ᠢᠶᠠᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠳᠤ ᠬᠠᠮᠲᠤ ᠪᠠᠷ ᠣᠷᠣᠯᠴᠠᠬᠤ ᠶᠢ

ᠰᠠᠨᠠᠭᠠᠴᠢᠯᠠᠪᠠ᠃

ᠢᠷᠡᠯᠲᠡ᠄ ᠲᠣᠲᠣᠷᠬᠠᠢ ᠦᠭᠡᠢ