ᠡᠶ᠎ᠡ ᠨᠠᠶᠢᠷ ᠠᠮᠢᠳᠤᠷᠠᠯ ᠤᠨ ᠴᠢᠮᠡᠭ
ᠨᠡᠶᠢᠲᠡᠯᠡᠭᠰᠡᠨ ᠴᠠᠭ᠄
2025/4/29
    ︽ᠠᠪᠤ ᠶᠢᠨ ᠬᠦᠦ ᠠᠳᠠᠯᠢ ᠦᠭᠡᠢ᠂ ᠠᠷᠪᠠᠨ ᠬᠤᠷᠤᠭᠤ ᠲᠡᠭᠰᠢ ᠦᠭᠡᠢ︾ ᠭᠡᠳᠡᠭᠴᠢᠯᠡᠨ ᠬᠥᠮᠥᠰ ᠵᠠᠩ ᠠᠭᠠᠰᠢ᠂ ᠦᠵᠡᠯᠲᠡ ᠲᠠᠨᠢᠯᠲᠠ᠂ ᠤᠴᠠᠷᠠᠯ ᠲᠣᠬᠢᠶᠠᠯᠳᠤᠯ ᠠᠳᠠᠯᠢ ᠪᠤᠰᠤ ᠠᠴᠠ ᠪᠣᠯᠵᠤ ᠬᠤᠭᠤᠷᠣᠨᠳᠤ ᠪᠠᠨ ᠬᠠᠶᠠ ᠵᠥᠷᠢᠴᠡᠯ ᠮᠦᠷᠭᠦᠯᠳᠦᠭᠡᠨ ᠡᠭᠦᠰᠬᠦ ᠨᠢ ᠳᠠᠮᠵᠢᠭ ᠦᠭᠡᠢ᠃ ︽ᠡᠪᠯᠡᠪᠡᠯ ᠪᠦᠳᠦᠨ᠎ᠡ ᠬᠤᠪᠯᠠᠪᠠᠯ ᠭᠤᠳᠤᠨ᠎ᠠ︾ ᠭᠡᠳᠡᠭ ᠢᠶᠠᠷ ᠵᠥᠷᠢᠴᠡᠯ ᠵᠠᠭᠤᠷᠠᠭᠠᠨ ᠢ ᠡᠪᠯᠢᠭ ᠰᠢᠢᠳᠪᠦᠷᠢᠯᠡᠬᠦ ᠳᠤ ᠬᠠᠷᠢᠯᠴᠠᠨ ᠡᠶ᠎ᠡ ᠨᠠᠶᠢᠷ ᠢ ᠡᠷᠬᠢᠮᠯᠡᠵᠦ᠂ ᠬᠠᠷᠢᠯᠴᠠᠨ ᠣᠶᠢᠯᠠᠭᠠᠵᠤ᠂ ᠤᠴᠢᠷ ᠶᠠᠪᠤᠳᠠᠯ ᠢ ᠤᠯᠠᠨ ᠲᠠᠯ᠎ᠠ ᠠᠴᠠ ᠰᠡᠳᠬᠢᠨ ᠪᠣᠳᠣᠯᠬᠢᠯᠠᠬᠤ ᠨᠢ ᠮᠠᠰᠢ ᠴᠢᠬᠤᠯᠠ ᠶᠤᠮ᠃    ᠥᠪᠡᠷ ᠪᠤᠰᠤᠳ ᠲᠤ ᠡᠶ᠎ᠡ ᠨᠠᠶᠢᠷ ᠲᠠᠢ ᠬᠠᠨᠳᠤᠬᠤ ᠪᠣᠯ ᠨᠢᠭᠡ ᠵᠦᠢᠯ ᠤᠨ ᠡᠷᠬᠢᠮ ᠰᠤᠷᠲᠠᠯ ᠮᠥᠨ᠃ ᠪᠢᠳᠡ ᠡᠶ᠎ᠡ ᠨᠠᠶᠢᠷᠲᠠᠢ ᠣᠷᠴᠢᠨ ᠲᠣᠭᠤᠷᠢᠨ ᠢ ᠴᠣᠭᠴᠠᠯᠠᠬᠤ ᠳᠤ ᠪᠤᠰᠤᠳ ᠤᠨ ᠲᠥᠯᠥᠭᠡ ᠪᠣᠳᠣᠯᠬᠢᠯᠠᠵᠤ᠂ ᠯᠠᠪᠳᠠᠭᠤᠨ ᠬᠢᠨᠠᠭᠤᠷ᠂ ᠠᠭᠤᠳᠠᠮᠴᠢ ᠪᠤᠳᠤᠯ ᠢᠶᠠᠷ ᠬᠠᠷᠢᠯᠴᠠᠨ ᠨᠠᠶᠢᠷ ᠲᠠᠯᠪᠢᠬᠤ ᠰᠠᠶᠢᠬᠠᠨ ᠵᠠᠩᠰᠢᠯ ᠲᠠᠢ ᠪᠠᠶᠢᠪᠠᠯ ᠵᠣᠬᠢᠨ᠎ᠠ᠃ ᠡᠭᠦᠨ ᠳᠤ ᠵᠠᠷᠢᠮ ᠬᠥᠮᠥᠨ ᠨᠠᠶᠢᠷ ᠲᠠᠯᠪᠢᠬᠤ ᠨᠢ ᠨᠢᠭᠤᠷ ᠢᠶᠠᠨ ᠪᠠᠷᠠᠭᠰᠠᠨ ᠲᠤᠷᠤᠢ ᠨᠣᠮᠣᠢ ᠵᠠᠩ ᠴᠢᠨᠠᠷ ᠤᠨ ᠢᠯᠡᠷᠡᠯ᠂ ᠬᠠᠷᠢᠨ ᠨᠢᠳᠤᠷᠭ᠎ᠠ ᠡᠷᠭᠢᠭᠦᠯᠵᠦ ᠬᠦᠴᠦ ᠪᠠᠷ ᠢᠯᠠᠬᠤ ᠶᠢ ᠬᠦᠴᠦᠨ ᠴᠢᠳᠠᠯ᠂ ᠠᠷᠭ᠎ᠠ ᠤᠬᠠᠭᠠᠨ ᠤ ᠳᠡᠭᠡᠳᠦ ᠬᠡᠮᠡᠨ ᠦᠵᠡᠳᠡᠭ᠃ ︽ᠬᠦᠴᠦ ᠪᠠᠷ ᠮᠢᠩᠭᠠᠨ ᠯᠠᠩ᠂ ᠤᠬᠠᠭᠠᠨ ᠢᠶᠠᠷ ᠲᠦᠮᠡᠨ ᠯᠠᠩ︾ ᠭᠡᠳᠡᠭ ᠢᠶᠠᠷ ᠤᠬᠠᠭᠠᠨᠲᠤ ᠬᠥᠮᠥᠰ ᠠᠮᠢᠳᠤᠷᠠᠯ ᠳᠤᠮᠳᠠ ᠲᠣᠬᠢᠶᠠᠯᠳᠤᠭᠰᠠᠨ ᠵᠥᠷᠢᠴᠡᠯ ᠢ ᠨᠠᠶᠢᠷᠰᠠᠭ ᠰᠢᠯᠤᠭᠤᠬᠠᠨ ᠰᠢᠢᠳᠪᠦᠷᠢᠯᠡᠵᠦ ᠴᠢᠳᠠᠳᠠᠭ᠃ ᠨᠢᠭᠡ ᠬᠥᠮᠥᠨ ᠤᠯᠤᠰ ᠣᠷᠣᠨ᠂ ᠬᠠᠮᠲᠤ ᠨᠡᠶᠢᠳᠡ ᠪᠠ ᠪᠤᠰᠤᠳ ᠤᠨ ᠠᠰᠢᠭ ᠲᠤᠰᠠ ᠶᠢᠨ ᠲᠥᠯᠥᠭᠡ ᠨᠠᠶᠢᠷ ᠲᠠᠯᠪᠢᠬᠤ ᠰᠤᠷᠲᠠᠯ ᠲᠠᠢ ᠪᠠᠶᠢᠬᠤ ᠨᠢ ᠮᠥᠨ ᠴᠢᠨᠠᠷ ᠳᠡᠭᠡᠷ᠎ᠡ  ᠪᠠᠨ ᠲᠡᠭᠦᠨ ᠤ ᠦᠵᠡᠯ ᠤᠬᠠᠮᠰᠠᠷ ᠥᠨᠳᠥᠷ᠂ ᠶᠣᠰᠣ ᠰᠤᠷᠲᠠᠬᠤᠨ ᠰᠠᠶᠢᠨ ᠪᠠᠶᠢᠬᠤ᠂ ᠵᠠᠩ ᠴᠢᠨᠠᠷ ᠡᠭᠡᠯᠢ ᠳᠠᠷᠤᠤ ᠪᠠᠶᠢᠬᠤ ᠶᠢᠨ ᠢᠯᠡᠷᠡᠯ ᠶᠤᠮ᠃ ᠬᠥᠮᠥᠨ ᠤ ᠬᠠᠷᠢᠯᠴᠠᠭᠠᠨ ᠳᠤ ᠠᠭᠤᠴᠢᠯᠠᠬᠤ᠂ ᠬᠦᠨᠳᠦᠳᠬᠡᠬᠦ᠂ ᠬᠠᠪᠰᠤᠷᠤᠯᠴᠠᠬᠤ ᠨᠢ ᠮᠠᠰᠢ ᠴᠢᠬᠤᠯᠠ ᠪᠠᠶᠢᠳᠠᠭ ᠪᠣᠯ ᠬᠦᠴᠦᠷᠬᠡᠭᠯᠡᠬᠦ᠂ ᠶᠣᠵᠣᠯᠠᠬᠤ᠂ ᠬᠤᠱᠣᠩᠨᠠᠬᠤ ᠵᠡᠷᠭᠡ ᠨᠢ ᠲᠦᠢᠯ ᠤᠨ ᠮᠠᠭᠤ ᠪᠠᠶᠢᠵᠤ᠂ ᠬᠥᠮᠥᠰ ᠢ ᠡᠪ ᠨᠠᠶᠢᠷ ᠢᠶᠠᠨ ᠠᠯᠳᠠᠬᠤ ᠳᠤ ᠬᠦᠷᠭᠡᠨ᠎ᠡ᠃    ᠥᠪᠡᠷ ᠪᠤᠰᠤᠳ ᠲᠤ ᠡᠶ᠎ᠡ ᠨᠠᠶᠢᠷ ᠲᠠᠢ ᠬᠠᠨᠳᠤᠬᠤ ᠪᠣᠯ ᠤᠶᠤᠨ ᠤᠬᠠᠭᠠᠨ ᠰᠠᠶᠢᠲᠠᠢ ᠶᠢᠨ ᠢᠯᠡᠷᠡᠯ ᠮᠥᠨ᠃ ᠬᠥᠮᠥᠰ ᠦᠵᠡᠯᠲᠡ ᠲᠠᠨᠢᠯᠲᠠ ᠨᠢᠭᠡᠳᠬᠦ ᠦᠭᠡᠢ ᠪᠤᠶᠤ ᠠᠰᠢᠭ ᠲᠤᠰᠠ ᠬᠤᠬᠢᠷᠠᠯ ᠤᠴᠠᠷᠠᠭᠰᠠᠨ ᠦᠶᠡᠰ ᠵᠥᠷᠢᠴᠡᠯ ᠡᠭᠦᠰᠳᠡᠭ᠃ ᠡᠭᠦᠨ ᠳᠤ ᠤᠶᠤᠨ ᠤᠬᠠᠭᠠᠨ ᠰᠠᠶᠢᠲᠠᠢ ᠬᠥᠮᠥᠨ ᠪᠣᠯ ᠬᠦᠯᠢᠴᠡᠩᠭᠦᠢ ᠪᠠᠷ ᠪᠣᠳᠠᠲᠤ ᠤᠴᠢᠷ ᠲᠤ ᠬᠠᠨᠳᠤᠨ᠂ ᠶᠣᠰᠣ ᠤᠴᠢᠷ ᠢ ᠳᠡᠯᠭᠡᠨ ᠶᠠᠷᠢᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠵᠣᠷᠢᠳᠠᠭ ᠠᠴᠠ ᠪᠢᠰᠢ ᠬᠡᠷᠡᠭᠦᠯ ᠴᠤᠤᠭᠢᠶᠠᠨ ᠭᠠᠷᠭᠠᠬᠤ ᠠᠴᠠ ᠶᠡᠬᠡᠳᠡ ᠬᠢᠴᠢᠶᠡᠳᠡᠭ᠃ ᠡᠭᠦᠨ ᠤ ᠡᠰᠡᠷᠭᠦ ᠪᠠᠷ ᠤᠶᠤᠨ ᠤᠬᠠᠭᠠᠨ ᠮᠥᠴᠢᠳ ᠨᠢᠭᠡ ᠨᠢ ᠬᠡᠨ ᠳᠤ ᠴᠦ ᠨᠠᠶᠢᠷ ᠬᠠᠶᠠᠬᠤ ᠦᠭᠡᠢ᠂ ᠬᠦᠵᠦᠭᠦᠦ ᠰᠤᠩᠭᠠᠨ ᠬᠡᠷᠡᠭᠦᠯ ᠱᠤᠤᠭᠢᠶᠠᠨ ᠳᠡᠭᠳᠡᠭᠡᠵᠦ ᠡᠪ ᠢᠶᠠᠨ ᠪᠠᠷᠠᠳᠠᠭ᠃ ᠶᠠᠭ ᠡᠶᠢᠮᠦᠷᠬᠦᠦ ᠦᠶ᠎ᠡ ᠨᠢ ᠨᠢᠭᠡ ᠬᠥᠮᠥᠨ ᠤ ᠬᠡᠪ ᠪᠣᠯᠪᠠᠰᠤᠷᠠᠯ᠂ ᠵᠢᠷᠦᠬᠡᠨ ᠲᠠᠮᠢᠷ᠂ ᠮᠣᠷᠠᠯ ᠰᠤᠷᠲᠠᠯ ᠤᠨ ᠬᠠᠲᠠᠭᠤ ᠰᠢᠯᠭᠠᠯᠲᠠ ᠪᠤᠯᠳᠠᠭ᠃ ᠵᠠᠨᠬᠭᠢᠯᠠᠭ᠎ᠠ ᠶᠢᠨ ᠦᠶᠡᠰ ᠶᠡᠭᠡ ᠲᠠᠯ᠎ᠠ ᠶᠢ ᠪᠣᠳᠣᠯᠬᠢᠯᠠᠵᠤ᠂ ᠠᠭᠤᠷ ᠣᠮᠤᠭ ᠢᠶᠠᠨ ᠳᠠᠷᠤᠵᠤ᠂ ᠡᠶ᠎ᠡ ᠨᠠᠶᠢᠷ ᠢ ᠡᠷᠬᠢᠮᠯᠡᠵᠦ᠂ ᠤᠶᠠᠨ ᠵᠥᠭᠡᠯᠡᠨ ᠢᠶᠠᠷ ᠭᠠᠩ ᠬᠠᠲᠠᠭᠤ ᠶᠢ ᠢᠯᠠᠭᠰᠠᠨ ᠵᠢᠱᠢᠶ᠎ᠡ ᠡᠳᠦᠷ ᠲᠤᠳᠤᠮ ᠤᠨ ᠠᠮᠢᠳᠤᠷᠠᠯ ᠳᠤᠮᠳᠠ ᠮᠤᠩ ᠦᠭᠡᠢ ᠤᠯᠠᠨ ᠪᠠᠶᠢᠳᠠᠭ᠃ᠡᠶ᠎ᠡ ᠨᠠᠶᠢᠷ ᠠᠮᠢᠳᠤᠷᠠᠯ ᠤᠨ ᠴᠢᠮᠡᠭ᠃ ᠠᠮᠢᠳᠤᠷᠠᠯ ᠳᠤ ᠡᠶ᠎ᠡ ᠨᠠᠶᠢᠷ ᠪᠠᠶᠢᠳᠠᠭ ᠠᠴᠠ ᠦᠯᠡᠮᠵᠢ ᠶᠢᠨ ᠵᠢᠷᠭᠠᠯ ᠲᠠᠢ᠂ ᠤᠳᠬ᠎ᠠ ᠠᠭᠤᠯᠭ᠎ᠠ ᠲᠠᠢ᠂ ᠢᠯᠭᠤᠮ ᠤᠷᠤᠭᠰᠢᠲᠠᠢ ᠪᠠᠶᠢᠳᠠᠭ᠃ ᠡᠶᠢᠮᠦ ᠠᠴᠠ ︽ᠥᠨᠥᠳᠥᠷ ᠴᠢ ᠢᠨᠢᠶᠡᠵᠦ᠂ ᠨᠦᠭᠦᠭᠡᠳᠡᠭᠢ ᠤᠭᠢᠯᠠᠳᠠᠭ ᠴᠤ᠂ ᠥᠭᠡᠷ᠎ᠡ ᠨᠢᠭᠡ ᠡᠳᠦᠷ ᠴᠢ ᠭᠤᠨᠢᠵᠤ᠂ ᠴᠠᠭᠠᠲᠤᠬᠢ ᠴᠢᠨᠢ ᠳᠠᠭᠤᠯᠠᠨ᠎ᠠ᠃ ᠥᠯᠥᠭᠡᠢ ᠠᠪᠰᠠ ᠬᠤᠶᠠᠷ ᠢ ᠬᠥᠮᠥᠨ ᠪᠦᠭᠦᠨ ᠳᠠᠮᠵᠢᠳᠠᠭ ᠪᠣᠯᠬᠤᠷ᠂ ᠥᠭᠡᠷ᠎ᠡ ᠶᠠᠭᠤ ᠴᠤ ᠬᠡᠷᠡᠭ ᠦᠭᠡᠢ᠂ ᠪᠡᠶ᠎ᠡ ᠪᠡᠶ᠎ᠡ ᠪᠠᠨ ᠯᠡ ᠬᠠᠶᠢᠷᠠᠯᠠ︕ ᠥᠷᠭᠡᠨ ᠬᠤᠷᠸ᠎ᠠ ᠳᠤ ᠬᠥᠮᠥᠨ ᠬᠠᠶᠢᠷ᠎ᠠ ᠪᠠᠷ ᠯᠠ ᠳᠤᠲᠠᠵᠤ ᠪᠤᠯᠬᠤ ᠦᠭᠡᠢ︕︾ ᠭᠡᠳᠡᠭ ᠰᠢᠭ ᠢᠶᠠᠷ ᠬᠠᠷᠢᠯᠴᠠᠨ ᠠᠭᠤᠴᠢᠯᠠᠨ ᠪᠠᠭᠲᠠᠭᠠᠵᠤ᠂ ᠬᠠᠷᠢᠯᠴᠠᠨ ᠢᠳᠡᠭᠡᠨ ᠲᠡᠮᠵᠢᠵᠦ᠂ ᠡᠶ᠎ᠡ ᠨᠠᠶᠢᠷ ᠢ ᠳᠡᠭᠡᠳᠦᠯᠡᠨ ᠶᠠᠪᠤᠵᠠᠭᠠᠶ᠎ᠠ ᠬᠥᠮᠥᠰ ᠠ᠋᠃     
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ