ᠪᠦᠷᠢᠯᠭᠡᠨ ᠰᠦᠢᠳᠬᠡᠬᠦ ᠰᠤᠷᠲᠠᠯ ᠢ ᠡᠷᠬᠡᠪᠰᠢ ᠴᠢᠩᠭ᠎ᠠ ᠴᠡᠭᠴᠡᠯᠡᠬᠦ ᠬᠡᠷᠡᠭᠲᠡᠢ
ᠨᠡᠶᠢᠲᠡᠯᠡᠭᠰᠡᠨ ᠴᠠᠭ᠄
2025/4/29
    ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠪᠣᠯ ᠲᠥᠪ ᠤᠨ ᠨᠠᠢᠮᠠᠨ ᠲᠣᠭᠲᠠᠭᠠᠯ ᠤᠨ ᠴᠢᠬᠤᠯᠠ ᠠᠭᠤᠯᠭ᠎ᠠ ᠮᠥᠨ᠂ ᠪᠠᠰᠠ ᠴᠤ ᠢᠮᠠᠭᠲᠠ ᠪᠠᠷᠢᠮᠲᠠᠯᠠᠬᠤ ᠴᠢᠬᠤᠯᠠᠲᠠᠢ ᠤᠷᠳᠤ ᠬᠤᠭᠤᠴᠠᠭᠠᠨ ᠤ ᠡᠭᠦᠷᠭᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠳᠤ ᠪᠦᠷᠢᠯᠭᠡᠨ ᠰᠦᠢᠳᠬᠡᠬᠦ ᠰᠤᠷᠲᠠᠯ ᠢ ᠡᠷᠬᠡᠪᠰᠢ ᠴᠢᠩᠭ᠎ᠠ ᠴᠡᠭᠴᠡᠯᠡᠵᠦ᠂ ᠨᠠᠮ ᠤᠨ ᠰᠢᠯᠢᠳᠡᠭ ᠰᠤᠷᠲᠠᠯ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ︽ᠪᠦᠷᠢᠯᠭᠡᠨ ᠰᠦᠢᠳᠬᠡᠬᠦ ᠨᠢ ᠢᠴᠢᠭᠦᠷᠢᠲᠡᠢ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ︾ ᠬᠡᠮᠡᠬᠦ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃    ᠠᠷᠪᠢᠴᠢ ᠪᠣᠷᠣᠭᠵᠢᠭᠤᠨ᠂ ᠱᠠᠯᠢᠨ ᠪᠦᠷᠢᠯᠭᠡᠬᠦ ᠶᠢ ᠴᠢᠩᠭ᠎ᠠ ᠴᠡᠭᠡᠷᠯᠡᠬᠦ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯᠲᠤ ᠰᠤᠷᠲᠠᠯ ᠪᠠᠶᠢᠵᠤ᠂ ︽ᠪᠡᠶ᠎ᠡ ᠪᠠᠨ ᠵᠠᠰᠠᠬᠤ︾᠂ ︽ᠦᠢᠯᠡᠰ ᠢᠶᠠᠨ ᠮᠠᠨᠳᠤᠭᠤᠯᠬᠤ︾ ᠳᠤ ᠬᠤᠯᠪᠣᠭᠳᠠᠬᠤ ᠶᠡᠭᠡ ᠶᠠᠪᠤᠳᠠᠯ ᠮᠥᠨ᠃ ᠪᠦᠷᠢᠯᠭᠡᠨ ᠰᠦᠢᠳᠬᠡᠬᠦ ᠰᠤᠷᠲᠠᠯ ᠨᠢ ᠨᠡᠶᠢᠭᠡᠮ ᠤᠨ ᠡᠳ᠋ ᠪᠠᠶᠠᠯᠢᠭ ᠢ ᠬᠤᠬᠢᠷᠠᠭᠤᠯᠬᠤ ᠪᠠᠷ ᠪᠠᠷᠠᠬᠤ ᠦᠭᠡᠢ ᠪᠠᠰᠠ ᠨᠠᠮ ᠤᠨ ᠳᠦᠷᠢ ᠲᠥᠷᠬᠦ ᠶᠢ ᠬᠦᠨᠳᠦ ᠨᠣᠴᠢᠲᠠᠢ ᠬᠤᠬᠢᠷᠠᠭᠤᠯᠵᠤ᠂ ᠨᠡᠶᠢᠭᠡᠮ ᠤᠨ ᠬᠡᠪ ᠰᠤᠷᠲᠠᠯ ᠢ ᠮᠠᠭᠤᠳᠠᠭᠤᠯᠳᠠᠭ᠃ ︽ᠢᠳᠡᠭᠡᠨ ᠤ ᠪᠦᠷᠢᠯᠭᠡᠯ︾᠂ ︽ᠲᠡᠷᠭᠡ ᠬᠥᠰᠬᠡ ᠶᠢᠨ ᠪᠦᠷᠢᠯᠭᠡᠯ︾᠂ ︽ᠪᠠᠷᠢᠮᠵᠢᠶ᠎ᠠ ᠠᠴᠠ ᠬᠡᠲᠦᠷᠡᠭᠰᠡᠨ ᠠᠯᠪᠠᠨ ᠤ ᠭᠡᠷ ᠪᠠᠶᠢᠰᠢᠩ︾ ᠢ ᠴᠡᠭᠴᠡᠯᠡᠨ ᠵᠠᠰᠠᠨ᠎ᠠ ᠁ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠱᠠᠯᠢᠨ ᠪᠦᠷᠢᠯᠭᠡᠬᠦ ᠰᠤᠷᠲᠠᠯ ᠢ ᠵᠠᠯᠠᠷᠠᠭᠤᠯᠵᠤ᠂ ᠨᠠᠮ ᠤᠨ ᠰᠤᠷᠲᠠᠯ ᠪᠣᠯᠣᠨ ᠨᠡᠶᠢᠭᠡᠮ ᠤᠨ ᠰᠤᠷᠲᠠᠯ ᠴᠣ ᠰᠢᠨ᠎ᠡ ᠪᠠᠶᠢᠳᠠᠯ  ᠲᠠᠢ ᠪᠣᠯᠪᠠ᠃    ᠡᠭᠦᠨ ᠤ ᠬᠠᠮᠲᠤ ᠪᠠᠰᠠ ᠱᠠᠯᠢᠨ ᠪᠦᠷᠢᠯᠭᠡᠬᠦ ᠵᠡᠷᠭᠡ ᠰᠤᠷᠲᠠᠯ ᠤᠨ ᠠᠰᠠᠭᠤᠳᠠᠯ ᠪᠣᠯ ᠲᠦᠢᠯ ᠤᠨ ᠴᠢᠩᠭ᠎ᠠ ᠬᠠᠲᠠᠭᠤ ᠮᠤᠵᠢᠭᠤᠳᠠ ᠴᠢᠨᠠᠷ᠂ ᠳᠠᠭᠢᠨ ᠳᠠᠪᠲᠠᠬᠤ ᠴᠢᠨᠠᠷ ᠲᠠᠢ ᠪᠠᠶᠢᠳᠠᠭ᠃ ᠣᠳᠣᠬᠠᠨ ᠳᠤ ᠬᠡᠳᠦ᠋ᠢᠪᠡᠷ ᠢᠯᠠ ᠪᠠᠷ ᠪᠦᠷᠢᠯᠭᠡᠨ ᠰᠦᠢᠳᠬᠡᠬᠦ ᠶᠠᠪᠤᠳᠠᠯ ᠴᠥᠭᠡᠷᠡᠭᠰᠡᠨ ᠪᠤᠯᠪᠠᠴᠤ ᠥᠩᠭᠡ ᠵᠢᠰᠦ ᠶᠢ ᠨᠢ ᠥᠭᠡᠷᠡᠲᠦᠭᠦᠯᠦᠭᠰᠡᠨ ᠪᠠᠷᠢᠮᠵᠢᠶ᠎ᠠ ᠠᠴᠠ ᠳᠠᠪᠠᠭᠰᠠᠨ ᠵᠣᠴᠢᠯᠠᠭ᠎ᠠ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠨᠢ ᠮᠥᠨ ᠯᠡ ᠣᠷᠣ ᠮᠥᠷ ᠦᠭᠡᠢ ᠠᠷᠢᠯᠤᠭ᠎ᠠ ᠦᠭᠡᠢ ᠪᠠᠶᠢᠭᠰᠠᠭᠠᠷ᠂ ᠯᠠᠷᠵᠢᠶ᠎ᠠ ᠶᠠᠮᠪᠠ ᠲᠠᠲᠠᠬᠤ᠂ ᠰᠣᠷᠲᠣᠭᠤᠯᠠᠬᠤ ᠮᠠᠭᠤᠬᠠᠢ ᠰᠡᠳᠬᠢᠴᠡ ᠮᠥᠨ ᠯᠡ ᠣᠷᠣᠰᠢᠭᠰᠠᠭᠠᠷ ᠪᠠᠶᠢᠨ᠎ᠠ᠃ ᠪᠠᠭ᠎ᠠ ᠠᠴᠠ ᠮᠠᠲ᠋ᠧᠷᠢᠶᠠᠯ ᠳᠠᠷᠤᠮᠠᠯᠯᠠᠬᠤ᠂ ᠠᠯᠪᠠᠨ ᠬᠡᠷᠡᠭᠰᠡᠯ ᠬᠤᠳᠠᠯᠳᠤᠨ ᠠᠪᠬᠤ ᠳᠤ ︽ᠠᠯᠪᠠᠨ ᠤ ᠵᠣᠭᠤᠰ ᠢ ᠵᠠᠷᠤᠬᠤ ᠳᠤ ᠵᠢᠷᠦᠬᠡ ᠰᠢᠮᠰᠢᠷᠡᠬᠦ ᠦᠭᠡᠢ︾᠂ ᠶᠡᠭᠡ ᠠᠴᠠ ᠱᠠᠯᠠᠪᠳᠠᠨ ᠵᠣᠭᠤᠰ ᠵᠠᠷᠤᠬᠤ᠂ ᠪᠠᠷᠢᠮᠵᠢᠶ᠎ᠠ ᠠᠴᠠ ᠬᠡᠲᠦᠷᠡᠭᠦᠯᠦᠨ ᠵᠠᠷᠤᠬᠤ᠂ ︽ᠵᠠᠷᠤᠬᠤ ᠦᠭᠡᠢ ᠪᠣᠯ ᠪᠦᠷᠢᠯᠭᠡᠨ ᠰᠦᠢᠳᠬᠡᠭᠰᠡᠨ ᠳᠤ ᠲᠣᠭᠠᠴᠢᠬᠤ︾ ᠵᠡᠷᠭᠡ ᠦᠵᠡᠭᠳᠡᠯ ᠵᠠᠷᠢᠮ ᠭᠠᠵᠠᠷ ᠲᠤ ᠪᠠᠰᠠ ᠨᠡᠯᠢᠶᠡᠳ ᠲᠣᠪᠤᠶᠢᠮ᠎ᠠ ᠣᠷᠣᠰᠢᠵᠤ ᠪᠠᠶᠢᠨ᠎ᠠ᠃    ᠪᠦᠷᠢᠯᠭᠡᠨ ᠰᠦᠢᠳᠬᠡᠬᠦ ᠰᠤᠷᠲᠠᠯ ᠢ ᠬᠦᠴᠦᠲᠡᠢ ᠴᠡᠭᠴᠡᠯᠡᠬᠦ ᠳᠤ ᠡᠷᠬᠡᠪᠰᠢ ᠴᠢᠩᠭ᠎ᠠ ᠠᠷᠭ᠎ᠠ ᠬᠡᠮᠵᠢᠶ᠎ᠡ ᠠᠪᠴᠤ᠂ ᠤᠷᠲᠤ ᠬᠤᠭᠤᠴᠠᠭ᠎ᠠ ᠪᠠᠷ ᠪᠦᠲᠦᠮᠵᠢᠲᠡᠶ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠢᠯᠠᠩᠭᠤᠶ᠎ᠠ ᠪᠦᠷᠢᠯᠭᠡᠨ ᠰᠦᠢᠳᠬᠡᠭᠰᠡᠨ ᠰᠢᠨ᠎ᠡ ᠬᠤᠪᠢᠯᠪᠤᠷᠢ᠂ ᠰᠢᠨ᠎ᠡ ᠭᠡᠯᠪᠡᠷᠢ ᠶᠢ ᠪᠠᠶᠢᠴᠠᠭᠠᠨ ᠳᠡᠯᠭᠡᠬᠦ ᠶᠢᠨ ᠬᠠᠮᠲᠤ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠠᠷᠢᠨ ᠪᠠᠶᠢᠴᠠᠭᠠᠵᠤ ᠪᠠᠷᠢᠨ ᠰᠠᠶᠢᠵᠢᠷᠠᠭᠤᠯᠵᠤ᠂ ᠮᠡᠳᠡᠭᠰᠡᠨ ᠳᠠᠷᠤᠢ ᠳᠠᠭᠠᠨ ᠥᠭᠡᠷᠡᠴᠢᠯᠡᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠠᠮᠢᠳᠤᠷᠠᠯ ᠳᠠᠭᠠᠨ ᠱᠠᠯᠢᠨ ᠪᠦᠷᠢᠯᠭᠡᠬᠦ᠂ ᠪᠦᠷᠢᠯᠭᠡᠨ ᠰᠦᠢᠳᠬᠡᠬᠦ᠂ ᠵᠢᠷᠭᠠᠨ ᠴᠡᠩᠭᠡᠬᠦ ᠶᠢ ᠬᠥᠭᠡᠭᠡᠴᠡᠯᠳᠦᠬᠦ ᠵᠡᠷᠭᠡ ᠦᠵᠡᠭᠳᠡᠯ ᠢ ᠴᠠᠭ ᠲᠤᠬᠠᠢ ᠳᠤᠨᠢ ᠰᠡᠷᠡᠮᠵᠢᠯᠡᠭᠦᠯᠵᠦ᠂ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠴᠠᠭ ᠲᠤᠬᠠᠢ ᠳᠤᠨᠢ ᠵᠠᠰᠠᠬᠤ ᠬᠡᠷᠡᠭᠲᠡᠢ᠃ ᠳᠦᠷᠢᠮ ᠠᠴᠠ ᠬᠥᠳᠡᠯᠭᠡᠬᠦ ᠬᠦᠴᠦᠨ ᠣᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠪᠣᠯᠣᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠪᠦᠷᠢᠯᠭᠡᠨ ᠰᠦᠢᠳᠬᠡᠬᠦ ᠶᠢ ᠲᠡᠪᠴᠢᠬᠦ ᠬᠡᠷᠡᠭᠲᠡᠢ᠃   ᠪᠦᠷᠢᠯᠭᠡᠨ ᠰᠦᠢᠳᠬᠡᠬᠦ ᠰᠤᠷᠲᠠᠯ ᠢ ᠴᠢᠩᠭ᠎ᠠ ᠴᠡᠭᠴᠡᠯᠡᠬᠦ ᠳᠤ ᠠᠷᠪᠢᠯᠠᠨ ᠭᠠᠮᠨᠠᠬᠤ ᠤᠬᠠᠮᠰᠠᠷ ᠢ ᠨᠡᠩ ᠢᠯᠡᠭᠦᠦ ᠪᠠᠲᠤᠳᠬᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠠᠷᠪᠢᠴᠢ ᠭᠠᠮᠲᠠᠢ ᠪᠠᠷ ᠪᠡᠶ᠎ᠡ ᠪᠠᠨ ᠵᠠᠰᠠᠬᠤ᠂ ᠠᠷᠪᠢᠴᠢ ᠭᠠᠮᠲᠠᠢ ᠪᠠᠷ ᠦᠢᠯᠡᠰ ᠢᠶᠠᠨ ᠮᠠᠨᠳᠤᠭᠤᠯᠬᠤ ᠶᠢ ᠪᠠᠷᠢᠮᠲᠠᠯᠠᠵᠤ᠂ ᠨᠢᠭᠡ ᠴᠠᠭ ᠤᠨ ᠬᠤᠭᠤᠯᠠ᠂ ᠨᠢᠭᠡ ᠯᠣᠩᠬᠤ ᠤᠰᠤ᠂ ᠨᠢᠭᠡ ᠭᠷᠡᠳᠦ᠋ᠰ ᠴᠠᠭᠢᠯᠭᠠᠨ᠂ ᠨᠢᠭᠡ ᠬᠠᠭᠤᠳᠠᠰᠤ ᠴᠠᠭᠠᠰᠤ ᠠᠴᠠ ᠡᠬᠢᠯᠡᠨ ᠠᠷᠪᠢᠯᠠᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠵᠤ᠂ ᠡᠪ ᠬᠠᠮᠲᠤᠴᠤᠳ ᠤᠨ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ