︽  ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ
ᠨᠡᠶᠢᠲᠡᠯᠡᠭᠰᠡᠨ ᠴᠠᠭ᠄
2025/4/9
    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ 4 ᠰᠠᠷ᠎ᠠ ᠶᠢᠨ 1 ᠤ ᠡᠳᠦᠷ ᠬᠡᠪᠯᠡᠭᠳᠡᠬᠦ 7 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃    ᠵᠣᠬᠢᠶᠠᠯ ᠳᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠤᠨ ᠭᠠᠷᠭᠠᠵᠤ᠂ 2035 ᠣᠨ ᠪᠤᠯᠳᠠᠯ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠴᠢᠬᠤᠯᠠᠴᠢᠯᠠᠪᠠ᠃    ᠵᠣᠬᠢᠶᠠᠯ ᠳᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠢ ᠬᠥᠭᠵᠢᠭᠦᠯᠬᠦ ᠦᠢᠯᠡᠳᠦᠯᠭᠡ ᠳᠤᠮᠳᠠ᠂ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢ ᠤᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠵᠠᠢ᠃ ᠡᠭᠦᠨ ᠳᠤ ᠭᠤᠣᠯᠳᠠᠭᠤ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠳᠥᠷᠪᠡ ᠳᠤ ᠬᠠᠨᠳᠤᠬᠤ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠡᠭᠡᠭᠡᠯᠲᠡ ᠬᠢᠵᠦ ᠬᠠᠮᠲᠤᠷᠠᠯᠴᠠᠨ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠪᠠ᠃ ᠡᠳᠡᠭᠡᠷ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠶᠢᠨ ᠬᠠᠮᠲᠤ᠂ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠲᠠᠨᠢᠵᠤ᠂ 2035 ᠣᠨ ᠪᠤᠯᠳᠠᠯ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠲᠥᠰᠥᠪᠯᠡᠬᠦ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠨᠢ ᠡᠷᠬᠡᠪᠰᠢ ᠳᠣᠣᠷᠠᠬᠢ ᠦᠨᠳᠦᠰᠦᠨ ᠡᠯᠧᠮᠧᠨ᠋ᠲ ᠢ ᠪᠦᠷᠢᠯᠳᠦᠭᠦᠯᠬᠦ ᠬᠡᠷᠡᠭᠲᠡᠢ᠄ ᠨᠢᠭᠡ ᠳᠤ ᠬᠦᠴᠦᠷᠬᠡᠭ ᠶᠡᠭᠡ ᠰᠠᠭᠤᠷᠢ ᠰᠤᠳᠤᠯᠭᠠᠨ ᠪᠠ ᠤᠤᠭᠠᠯ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠵᠤ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠤᠢ ᠪᠣᠯᠭᠠᠨ᠎ᠠ᠃ ᠬᠤᠶᠠᠷ ᠲᠤ ᠬᠦᠴᠦᠷᠬᠡᠭ ᠶᠡᠭᠡ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠴᠢᠳᠠᠪᠤᠷᠢ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠦᠴᠦᠲᠡᠢ ᠲᠤᠯᠭᠠᠭᠤᠷᠢᠯᠠᠨ᠎ᠠ᠃ ᠭᠤᠷᠪᠠ ᠳᠤ ᠬᠦᠴᠦᠷᠬᠡᠭ ᠶᠡᠭᠡ ᠳᠡᠯᠡᠬᠡᠢ ᠶᠢᠨ ᠨᠥᠯᠥᠭᠡᠯᠡᠬᠦ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠪᠠᠶᠢᠵᠤ᠂ ᠳᠡᠯᠡᠬᠡᠢ ᠶᠢᠨ ᠴᠢᠬᠤᠯᠠ ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠨ᠎ᠠ᠃ ᠳᠥᠷᠪᠡ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠴᠤᠭᠯᠠᠷᠠᠭᠤᠯᠬᠤ ᠬᠦᠴᠦᠷᠬᠡᠭ ᠶᠡᠭᠡ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠣᠷᠦ᠋ᠢᠯᠠᠭᠰᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠎ᠠ᠃ ᠲᠠᠪᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠪᠦᠷᠢᠯᠳᠦᠭᠦᠯᠦᠨ᠎ᠡ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ︽ᠰᠢᠷᠭᠠᠭᠤ ᠬᠠᠲᠠᠭᠤᠵᠢᠯᠲᠠᠢ ᠲᠡᠮᠡᠴᠡᠬᠦ︾ ᠡᠷᠡᠰ ᠪᠠᠲᠤ ᠵᠣᠷᠢᠭ ᠪᠣᠯᠣᠨ ᠬᠠᠳᠠᠨ ᠵᠣᠷᠢᠭ ᠢᠶᠠᠷ ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ᠃ ᠨᠢᠭᠡᠳᠦᠭᠡᠷ ᠲᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠭᠤᠰᠤᠯᠴᠠᠬᠤ ᠶᠢᠨ ᠰᠠᠭᠤᠷᠢ ᠨᠢ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠬᠦ ᠶᠠᠪᠤᠳᠠᠯ ᠪᠣᠯᠣᠨ᠎ᠠ᠂ ᠠᠭᠤᠰᠤᠯᠴᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠶᠠᠪᠤᠳᠠᠯ ᠪᠣᠯᠣᠨ᠎ᠠ᠂ ᠠᠭᠤᠰᠤᠯᠴᠠᠬᠤ ᠶᠢᠨ ᠠᠷᠭ᠎ᠠ ᠵᠠᠮ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠭᠤᠷᠪᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠬᠦᠴᠦᠨ ᠢ ᠵᠣᠬᠢᠶᠠᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠦᠷᠦᠯ ᠬᠤᠪᠢᠶᠠᠨ ᠦᠨᠡᠯᠡᠬᠦ ᠰᠢᠰᠲ᠋ᠧᠮ ᠪᠠ ᠬᠢᠨᠠᠨ ᠰᠢᠯᠭᠠᠬᠤ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠱᠠᠩᠨᠠᠯ᠂ ᠣᠷᠣᠯᠭ᠎ᠠ ᠶᠢᠨ ᠬᠤᠪᠢᠶᠠᠷᠢᠯᠠᠯᠲᠠ᠂ ᠦᠷ᠎ᠡ ᠪᠦᠲᠦᠭᠡᠯ ᠤᠨ ᠡᠷᠬᠡ ᠣᠯᠭᠤᠬᠤ ᠵᠡᠷᠭᠡ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠳᠥᠷᠪᠡᠳᠦᠭᠡᠷ ᠲᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠳᠠᠪᠤᠷᠢᠲᠠᠨ ᠤ ᠥᠷᠢᠰᠦᠯᠳᠦᠭᠡᠨ ᠤ ᠳᠠᠪᠠᠭᠤᠯᠢᠭ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠪᠴᠢᠶ᠎ᠡ ᠪᠠᠷ ᠯᠤᠲᠤ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠰᠢᠨ᠎ᠡ ᠶᠢ ᠡᠭᠦᠳᠬᠦ ᠭᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ ᠲᠦᠷᠭᠡᠳᠬᠡᠨ ᠬᠥᠮᠥᠵᠢᠭᠦᠯᠦᠨ ᠪᠤᠶ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠪᠠᠷ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠲᠤᠪᠤᠶᠢᠯᠭᠠᠬᠤ ᠬᠡᠷᠡᠭᠲᠡᠢ᠃ ᠲᠠᠪᠤᠳᠤᠭᠠᠷ ᠲᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠢᠳᠡᠪᠬᠢᠲᠡᠢ ᠠᠭᠤᠰᠤᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠬᠥᠮᠥᠨ ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠤᠯᠤᠰ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠡᠷᠴᠢ ᠵᠣᠷᠢᠭ ᠢᠶᠠᠨ ᠭᠦᠢᠴᠡᠳ ᠬᠥᠪᠴᠢᠯᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠪᠦᠯᠬᠦᠮᠳᠡᠨ ᠲᠡᠮᠡᠴᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ︕ ᠭᠡᠵᠦ ᠵᠢᠭᠠᠵᠤ ᠭᠠᠷᠭᠠᠪᠠ᠃   
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ