︽ᠧᠦ᠋ᠷᠣᠫᠠ ᠶᠢᠨ ᠵᠢᠷᠦᠬᠡᠨ ᠤ ᠡᠪᠡᠳᠴᠢᠨ ᠢ ᠰᠡᠷᠭᠡᠶᠢᠯᠡᠬᠦ ᠤᠬᠠᠭᠠᠨ ᠤ ᠰᠡᠳᠬᠦᠯ︾ ᠤᠨ ᠨᠡᠶᠢᠲᠡᠯᠡᠭᠰᠡᠨ ᠨᠢᠭᠡᠨ ᠥᠭᠦᠯᠡᠯ ᠳᠤ᠂ ᠢᠳᠡᠭᠡᠨ ᠤᠮᠳᠠᠭᠠᠨ ᠠᠴᠠ | ᠪᠣᠯᠤᠭᠰᠠᠨ ᠵᠢᠷᠦᠬᠡᠨ ᠤ ᠭᠡᠮᠳᠦᠯ ᠳᠤ ᠤᠷᠮ᠎ᠠ ᠰᠡᠳᠭᠢᠯᠭᠡ ᠨᠢ ᠴᠢᠬᠤᠯᠠ ᠨᠦᠯᠦᠭᠡᠯᠡᠬᠦ ᠬᠦᠴᠦᠨ ᠪᠤᠯᠵᠤ᠂ ᠤᠷᠲᠦ ᠬᠤᠭᠤᠴᠠᠭ᠎ᠠ ᠪᠠᠷ ᠤᠴᠠᠭᠠᠷ ᠪᠤᠬᠢᠨᠢᠳᠤᠯ ᠲᠠᠢ | ᠬᠤᠭᠤᠯᠠ ᠢᠳᠡᠭᠰᠡᠨ ᠡᠷᠡᠭᠦᠯ ᠵᠢᠷᠦᠬᠡ ᠴᠦ ᠬᠡᠮᠲᠦᠵᠦ ᠮᠡᠳᠡᠨ᠎ᠡ ᠭᠡᠪᠡ᠃ | ᠰᠤᠳᠤᠯᠭᠠᠨ ᠤ ᠪᠦᠯᠬᠦᠮ ᠤᠨ ᠬᠢᠨ 1109 ᠬᠥᠮᠦᠨ ᠳᠤ ᠪᠠᠶᠢᠴᠠᠭᠠᠯᠲᠠ ᠬᠢᠭᠡᠳ 13 ᠵᠢᠯ ᠪᠣᠯᠤᠭᠰᠠᠨ ᠤ ᠳᠠᠷᠠᠭ᠎ᠠ᠂ ᠤᠷᠮ᠎ᠠ ᠰᠡᠳᠬᠢᠯᠭᠡ ᠶᠢᠨ | ᠨᠦᠯᠦᠭᠡᠯᠡᠯ ᠲᠠᠢ ᠬᠤᠭᠤᠯᠠ ᠢᠳᠡᠬᠦ ᠨᠢ ᠵᠢᠷᠦᠬᠡᠨ ᠤ ᠲᠡᠯᠡᠯᠲᠡ ᠶᠢᠨ ᠴᠢᠳᠠᠮᠵᠢ ᠶᠢᠨ ᠰᠠᠭᠠᠲᠠᠯ ᠤᠨ ᠲᠦᠭᠰᠢᠭᠦᠷᠢ ᠶᠢᠨ ᠨᠡᠮᠡᠭᠳᠡᠯ ᠲᠠᠢ ᠬᠤᠯᠪᠣᠭ᠎ᠠ ᠲᠠᠢ︔ ᠬᠡᠳᠦᠢ | ᠶᠡᠭᠡ ᠤᠴᠠᠭᠠᠷ ᠪᠤᠬᠢᠨᠢᠳᠤᠯ ᠲᠠᠢ ᠬᠤᠭᠤᠯᠠ ᠢᠳᠡᠪᠡᠯ ᠬᠦᠵᠦᠭᠦᠦ ᠭᠤᠶᠠᠨ ᠤ ᠯᠤᠭᠰᠢᠭᠤᠨ ᠰᠤᠳᠠᠯ ᠤᠨ ᠯᠤᠭᠰᠢᠯᠲᠠ ᠶᠢᠨ ᠬᠤᠷᠳᠤᠴᠠ ᠨᠢ ᠴᠦ ᠲᠡᠳᠦᠶ ᠲᠦᠷᠭᠡᠨ | ᠪᠠᠶᠢᠵᠤ᠂ ᠴᠢᠰᠤᠨ ᠰᠤᠳᠠᠯ ᠤᠨ ᠬᠠᠲᠠᠭᠤᠷᠠᠯ ᠤᠨ ᠬᠡᠮᠵᠢᠶ᠎ᠡ ᠨᠢ ᠲᠡᠳᠦᠶ ᠥᠨᠳᠥᠷ ᠪᠤᠯᠤᠨ᠎ᠠ ᠭᠡᠳᠡᠭ ᠢ ᠤᠯᠵᠤ ᠮᠡᠳᠡᠵᠡᠢ᠃ ᠱᠠᠩᠬᠠᠶ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠶᠢᠰᠦᠳᠦᠭᠡᠷ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ | ᠭᠤᠤᠯᠯᠠᠭᠴᠢ ᠡᠮᠴᠢ ᠰᠢᠥᠸᠠᠢ ᠴᠤᠤ ᠶᠢᠨ ᠲᠠᠶᠢᠯᠪᠤᠷᠢᠯᠠᠭᠰᠠᠨ ᠢᠶᠠᠷ᠂ ᠳᠠᠷᠤᠭᠠᠰᠦ᠂ ᠪᠤᠬᠢᠨᠢᠳᠤᠯ᠂ ᠠᠭᠤᠷ ᠬᠢᠯᠢᠩ᠂ ᠡᠮᠭᠡᠨᠢᠯ ᠵᠡᠷᠭᠡ ᠨᠠᠵᠠᠭᠠᠶ ᠤᠷᠮ᠎ᠠ ᠰᠡᠳᠭᠢᠯᠭᠡ ᠨᠢ | ᠶᠡᠭᠡ ᠲᠠᠷᠢᠬᠢ ᠶᠢ ᠲᠠᠷᠤᠭᠠᠰᠦ ᠲᠠᠢ ᠪᠠᠶᠢᠳᠠᠯ ᠳᠤ ᠣᠷᠣᠭᠤᠯᠵᠤ᠂ ᠬᠥᠮᠦᠰ ᠤᠨ ᠢᠳᠡᠭᠡᠨ ᠤ ᠳᠤᠷᠠᠰᠢᠯ ᠢ ᠶᠡᠭᠡ ᠪᠠᠷ ᠨᠡᠮᠡᠭᠳᠡᠭᠦᠯᠦᠨ᠂ ᠥᠨᠳᠥᠷ ᠡᠨᠧᠷᠭᠢᠲᠦ ᠢᠳᠡᠭᠡᠨ ᠢ | ᠴᠦ ᠨᠠᠩ ᠠᠷᠪᠢᠨ ᠢᠳᠡᠭᠦᠯᠳᠡᠭ᠃ | ᠬᠡᠲᠦᠷᠡᠲᠡᠯ᠎ᠡ ᠢᠳᠡᠵᠦ ᠤᠤᠭᠤᠬᠤ ᠨᠢ ᠳᠠᠷᠤᠭᠠᠰᠦ ᠶᠢ ᠲᠦᠷ ᠬᠥᠩᠭᠡᠷᠡᠭᠦᠯᠵᠦ᠂ ᠬᠥᠮᠦᠰ ᠲᠤ ᠤᠬᠤᠷᠬᠠᠨ ᠬᠤᠭᠤᠴᠠᠭᠠᠨ ᠤ ᠲᠠᠭᠠᠯᠠᠮᠵᠢᠲᠠᠶ ᠪᠠᠶᠢᠳᠠᠯ ᠢ | ᠡᠳ᠋ᠯᠡᠭᠦᠯᠳᠡᠭ ᠪᠤᠯᠪᠠᠴᠦ ᠬᠤᠶᠢᠰᠢᠳᠠ ᠶᠢᠨ ᠬᠤᠣᠷ ᠬᠥᠨᠥᠭᠡᠯ ᠨᠢ ᠮᠠᠰᠢ ᠶᠡᠭᠡ ᠪᠠᠶᠢᠳᠠᠭ᠂ ᠵᠢᠱᠢᠶᠡᠯᠡᠪᠡᠯ ᠮᠠᠷᠢᠶᠠᠯᠠᠬᠤ᠂ ᠳᠣᠲᠣᠭᠠᠳᠤ ᠱᠦᠭᠦᠷᠡᠯᠳᠡ ᠶᠢ | ᠰᠠᠮᠠᠭᠤᠷᠠᠭᠤᠯᠬᠤ᠂ ᠴᠢᠰᠤᠨ ᠤ ᠥᠭᠡᠬᠦ ᠣᠯᠠᠰᠢᠷᠠᠬᠤ ᠵᠡᠷᠭᠡ ᠪᠠᠶᠢᠳᠠᠯ ᠢ ᠡᠭᠦᠰᠭᠡᠵᠦ᠂ ᠡᠴᠦᠰ ᠲᠡᠭᠡᠨ ᠵᠢᠷᠦᠬᠡᠨ ᠤ ᠡᠷᠡᠭᠦᠯ ᠮᠡᠨᠳᠦ ᠶᠢ ᠨᠥᠯᠥᠭᠡᠯᠡᠨ᠎ᠡ᠃ ᠨᠠᠵᠠᠭᠠᠢ | ᠤᠷᠮ᠎ᠠ ᠰᠡᠳᠭᠢᠯᠭᠡ ᠨᠢ ᠬᠤᠭᠤᠯᠠ ᠢᠳᠡᠬᠦ ᠪᠠᠷ ᠳᠠᠮᠵᠢᠭᠤᠯᠤᠨ ᠵᠢᠷᠦᠬᠡ ᠶᠢ ᠨᠥᠯᠥᠭᠡᠯᠡᠬᠦ ᠪᠠᠷ ᠪᠠᠷᠠᠬᠤ ᠥᠬᠡᠶ ᠪᠠᠰᠠ ᠪᠤᠰᠤᠳ ᠮᠠᠭᠤ ᠨᠦᠯᠦᠭᠡ ᠶᠢ ᠳᠠᠭᠠᠭᠤᠯᠳᠠᠭ᠃ | ᠵᠢᠱᠢᠶᠡᠯᠡᠪᠡᠯ᠂ ᠵᠣᠪᠠᠨᠢᠬᠤ᠂ ᠪᠤᠬᠢᠨᠢᠳᠤᠬᠤ ᠬᠥᠮᠦᠨ ᠠᠮᠠᠷᠬᠠᠨ ᠲᠠᠮᠠᠬᠢ ᠲᠠᠲᠠᠬᠤ᠂ ᠠᠷᠢᠬᠢ ᠤᠤᠭᠤᠬᠤ᠂ ᠤᠨᠲᠠᠵᠤ ᠭᠦᠢᠴᠡᠬᠦ ᠦᠭᠡᠢ ᠨᠦᠢᠷ ᠮᠠᠭᠤ᠂ ᠲᠠᠮᠢᠷ ᠤᠨ | ᠬᠥᠳᠡᠯᠭᠡᠭᠡᠨ ᠳᠤᠲᠠᠭᠳᠠᠬᠤ ᠵᠡᠷᠭᠡ ᠡᠷᠡᠭᠦᠯ ᠪᠤᠰᠤ ᠠᠮᠢᠳᠤᠷᠠᠯ ᠤᠨ ᠳᠠᠳᠬᠠᠯ ᠲᠠᠢ ᠪᠤᠯᠳᠠᠭ ᠠᠴᠠ ᠡᠨᠡ ᠨᠢ ᠪᠦᠷ ᠵᠢᠷᠦᠬᠡᠨ ᠡᠪᠡᠳᠴᠢᠨ ᠤ ᠲᠦᠭᠰᠢᠭᠦᠷᠢ ᠶᠢ | ᠨᠡᠮᠡᠭᠳᠡᠭᠦᠯᠳᠡᠭ᠃ ᠪᠠᠰᠠ ᠪᠠᠴᠢᠮᠳᠠᠬᠤ᠂ ᠠᠶᠤᠬᠤ ᠵᠡᠷᠭᠡ ᠤᠷᠮ᠎ᠠ ᠰᠡᠳᠭᠢᠯᠭᠡ ᠨᠢ ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠡᠳ᠋ ᠢ ᠣᠯᠠᠰᠢᠷᠠᠭᠤᠯᠵᠦ᠂ ᠴᠢᠰᠤᠨ | ᠰᠤᠳᠠᠯ ᠢ ᠦᠷᠭᠦᠯᠵᠢᠯᠡᠨ ᠠᠪᠴᠢᠭᠤᠯᠵᠤ᠂ ᠥᠨᠳᠥᠷ ᠰᠥᠰᠥᠨ ᠤ ᠴᠢᠯᠠᠭᠤᠯᠢᠭ ᠠᠯᠺᠣᠣᠯ ᠨᠢ ᠨᠡᠩ ᠠᠮᠠᠷᠬᠠᠨ ᠴᠢᠰᠤᠨ ᠰᠤᠳᠠᠯ ᠤᠨ ᠬᠠᠨ᠎ᠠ ᠶᠢ ᠢᠳᠡᠭᠳᠡᠭᠦᠯᠵᠦ᠂ | ᠯᠤᠭᠰᠢᠭᠤᠨ ᠰᠤᠳᠠᠯ ᠢ ᠥᠭᠡᠬᠦᠯᠡᠬᠦᠯᠦᠨ ᠬᠠᠲᠠᠭᠤᠷᠠᠭᠤᠯᠵᠤ᠂ ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ ᠡᠪᠡᠳᠴᠢᠨ ᠵᠡᠷᠭᠡ ᠶᠢ ᠡᠭᠦᠰᠭᠡᠳᠡᠭ᠃ | |