ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ ᠮᠠᠨ ᠤ ᠤᠯᠤᠰ ᠤᠨ ᠤᠮᠠᠷᠠᠲᠤ ᠣᠷᠣᠨ ᠨᠢᠭᠡᠨᠲᠡ | ᠵᠠᠯᠭᠠᠭ᠎ᠠ ᠪᠠᠷ ᠨᠠᠮᠤᠷ ᠤᠨ ᠤᠯᠠᠷᠢᠯ ᠤᠨ ᠴᠡᠴᠡᠭ ᠤᠨ ᠲᠣᠭᠤᠰᠣᠨ ᠤ ᠣᠷᠭᠢᠯ ᠤᠨ ᠬᠤᠭᠤᠴᠠᠭᠠᠨ ᠳᠤ ᠣᠷᠣᠵᠤ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠰᠡᠭᠦᠯᠴᠢ | ᠪᠣᠯᠲᠠᠯ᠎ᠠ ᠦᠷᠭᠦᠯᠵᠢᠯᠡᠬᠦ ᠪᠣᠯᠤᠨ᠎ᠠ᠃ | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠶ ᠲᠠᠨ ᠡᠮᠨᠡᠯᠭᠡ ᠶᠢᠨ ᠬᠤᠷᠢᠶᠠᠨ ᠤ ᠬᠤᠪᠢᠷᠠᠮᠠᠯ ᠤᠷᠪᠠᠯ ᠤᠨ | ᠲᠥᠪ ᠤᠨ ᠡᠷᠬᠢᠯᠡᠭᠴᠢ ᠸᠠᠩ ᠰᠢᠤᠸᠠᠢ ᠶᠠᠨ᠄ ᠬᠠᠷᠰᠢᠯ ᠡᠭᠦᠰᠭᠦ ᠢᠯᠡᠷᠡᠯ ᠤᠨ ᠬᠦᠨᠳᠦ ᠨᠣᠴᠢᠲᠠᠶ ᠬᠡᠮᠵᠢᠶ᠎ᠡ ᠨᠢ ᠴᠡᠴᠡᠭ ᠤᠨ ᠲᠣᠭᠤᠰᠣᠨ ᠤ ᠥᠳᠭᠡᠴᠡ ᠲᠠᠢ | ᠰᠢᠭᠤᠳ ᠬᠠᠷᠢᠴᠠᠭ᠎ᠠ ᠲᠠᠢ ᠪᠠᠶᠢᠳᠠᠭ᠂ ᠬᠠᠷᠰᠢᠯ ᠲᠠᠢ ᠡᠪᠡᠳᠴᠢᠲᠡᠨ ᠣᠶᠢᠷ᠎ᠠ ᠳᠤ ᠴᠡᠴᠡᠭ ᠤᠨ ᠲᠣᠭᠤᠰᠣ ᠲᠠᠢ ᠬᠦᠷᠦᠯᠴᠡᠬᠦ ᠪᠠᠨ ᠠᠯᠢ ᠴᠢᠳᠠᠬᠤ ᠪᠠᠷ ᠪᠠᠭᠠᠰᠬᠠᠬᠤ ᠶᠢ | ᠰᠠᠨᠠᠭᠤᠯᠵᠤ ᠪᠠᠶᠢᠨ᠎ᠠ᠂ ᠢᠯᠠᠩᠭᠤᠶ᠎ᠠ ᠶᠡᠭᠡ ᠰᠠᠯᠬᠢ᠂ ᠠᠶᠤᠩᠭᠠᠲᠤ ᠪᠣᠷᠣᠭᠠᠨ ᠲᠠᠢ ᠦᠶ᠎ᠡ ᠳᠤ ᠭᠠᠳᠠᠭᠰᠢ ᠭᠠᠷᠬᠤ ᠪᠠᠨ ᠪᠠᠭᠠᠰᠬᠠᠵᠤ᠂ ᠴᠢᠬᠤᠯᠠᠲᠠᠶ ᠦᠶ᠎ᠡ ᠳᠤ | ᠠᠮᠠᠪᠴᠢ ᠪᠠ ᠬᠠᠮᠠᠭᠠᠯᠠᠯᠲᠠ ᠶᠢᠨ ᠨᠢᠳᠦᠨ ᠰᠢᠯ ᠵᠡᠭᠦᠵᠦ᠂ ᠬᠡᠷ ᠲᠡᠭᠡᠨ ᠬᠠᠷᠢᠭᠰᠠᠨ ᠤ ᠳᠠᠷᠠᠭ᠎ᠠ ᠴᠠᠭ ᠲᠤᠬᠠᠶ ᠳᠤᠨᠢ ᠭᠠᠳᠠᠷ ᠬᠤᠪᠴᠠᠰᠤ ᠪᠠᠨ ᠳᠡᠶᠢᠯᠵᠦ ᠨᠢᠭᠤᠷ ᠪᠠ | ᠬᠠᠮᠠᠷ ᠤᠨ ᠬᠥᠨᠳᠡᠶ ᠪᠠᠨ ᠤᠬᠢᠶᠠᠵᠤ᠂ ᠴᠡᠴᠡᠭ ᠤᠨ ᠲᠣᠭᠤᠰᠣᠨ ᠤ ᠬᠠᠷᠰᠢᠯ ᠡᠭᠦᠰᠭᠦ ᠠᠴᠠ ᠵᠠᠶᠢᠯᠠᠰᠭᠢᠬᠦ ᠬᠡᠷᠡᠭᠲᠡᠶ ᠭᠡᠯ᠎ᠠ᠃ ᠴᠡᠴᠡᠭ ᠤᠨ ᠲᠣᠭᠤᠰᠣᠨ ᠳᠤ | ᠬᠠᠷᠰᠢᠬᠤ ᠨᠢ ᠭᠤᠤᠯᠳᠠᠭᠤ ᠬᠠᠮᠠᠷ ᠤᠨ ᠨᠡᠶᠢᠯᠡᠮᠡᠯ ᠪᠦᠷᠬᠦᠪᠴᠢ ᠶᠢᠨ ᠦᠷᠪᠢᠰᠦᠯ ᠢᠶᠠᠷ ᠭᠤᠤᠯ ᠪᠣᠯᠭᠠᠭᠰᠠᠨ ᠠᠯᠢ ᠣᠯᠠᠨ ᠡᠪᠡᠳᠴᠢᠨ ᠤ ᠢᠯᠡᠷᠡᠯ ᠪᠣᠯᠤᠨ᠎ᠠ᠃ | ᠡᠭᠦᠨ ᠳᠤ ᠬᠠᠮᠠᠷ ᠵᠠᠭᠠᠲᠤᠨᠠᠬᠤ᠂ ᠬᠠᠮᠠᠷ ᠪᠥᠭᠯᠡᠷᠡᠬᠦ᠂ ᠨᠠᠶᠢᠲᠠᠭᠠᠬᠤ᠂ ᠨᠢᠰᠤ ᠭᠤᠭᠤᠵᠢᠬᠤ᠂ ᠨᠢᠳᠦ ᠵᠠᠭᠠᠲᠤᠨᠠᠬᠤ ᠪᠠᠭᠲᠠᠨ᠎ᠠ᠂ ᠣᠨᠴᠠ ᠵᠠᠷᠢᠮ ᠡᠪᠡᠳᠴᠢᠲᠡᠨ | ᠪᠠᠰᠠ ᠬᠠᠨᠢᠶᠠᠬᠤ᠂ ᠠᠮᠢᠰᠬᠤᠯ ᠳᠠᠪᠴᠢᠳᠠᠬᠤ ᠵᠡᠷᠭᠡ ᠡᠪᠡᠳᠴᠢᠨ ᠤ ᠢᠯᠡᠷᠡᠯ ᠭᠠᠷᠳᠠᠭ᠃ ᠬᠡᠷᠪᠡ ᠴᠡᠴᠡᠭ ᠤᠨ ᠲᠣᠭᠤᠰᠣᠨ ᠳᠤ ᠬᠠᠷᠰᠢᠬᠤ ᠢᠯᠡᠷᠡᠯ ᠨᠢ ᠨᠡᠯᠢᠶᠡᠳ | ᠬᠥᠩᠭᠡᠨ ᠪᠥᠭᠡᠳ ᠠᠬᠰᠠᠭᠠ ᠡᠪᠡᠳᠴᠢᠨ ᠤ ᠢᠯᠡᠷᠡᠯ ᠥᠬᠡᠶ ᠪᠣᠯ ᠬᠠᠷᠰᠢᠯ ᠡᠰᠡᠷᠭᠦᠴᠡᠭᠦ ᠡᠮ ᠤᠤᠭᠤᠵᠤ ᠪᠣᠯᠤᠨ᠎ᠠ᠂ ᠪᠠᠰᠠ ᠬᠠᠮᠠᠷ ᠲᠤ ᠰᠦᠷᠴᠢᠬᠦ ᠬᠤᠷᠮᠣᠨ ᠢᠶᠠᠷ | ᠵᠠᠰᠠᠵᠤ ᠪᠣᠯᠤᠨ᠎ᠠ︔ ᠬᠡᠷᠪᠡ ᠡᠪᠡᠳᠴᠢᠨ ᠤ ᠪᠠᠶᠢᠳᠠᠯ ᠨᠡᠯᠢᠶᠡᠳ ᠬᠦᠨᠳᠦ᠂ ᠢᠯᠠᠩᠭᠤᠶ᠎ᠠ ᠠᠭᠰᠠᠭ᠎ᠠ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠬᠠᠢ ᠳᠤᠨᠢ | ᠡᠮᠨᠡᠯᠭᠡ ᠳᠤ ᠬᠦᠷᠴᠦ ᠡᠮᠨᠡᠭᠦᠯᠬᠦ ᠶᠢ ᠰᠠᠨᠠᠭᠤᠯᠵᠤ ᠪᠠᠶᠢᠨ᠎ᠠ᠃ | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠶ ᠲᠠᠨ ᠡᠮᠨᠡᠯᠭᠡ ᠶᠢᠨ ᠬᠤᠷᠢᠶᠠᠨ ᠤ ᠬᠤᠪᠢᠷᠠᠮᠠᠯ ᠤᠷᠪᠠᠯ ᠤᠨ | ᠲᠥᠪ ᠤᠨ ᠡᠷᠬᠢᠯᠡᠭᠴᠢ ᠸᠠᠩ ᠰᠢᠤᠸᠠᠢ ᠶᠠᠨ᠄ ᠬᠡᠷᠪᠡ ᠡᠪᠡᠳᠴᠢᠲᠡᠨ ᠤ ᠬᠠᠷᠰᠢᠬᠤ ᠢᠯᠡᠷᠡᠯ ᠨᠢ ᠵᠢᠯ ᠠᠴᠠ ᠵᠢᠯ ᠬᠦᠨᠳᠦᠷᠡᠵᠦ ᠪᠠᠶᠢᠪᠠᠯ ᠡᠮᠨᠡᠯᠭᠡ ᠳᠤ ᠬᠦᠷᠴᠦ | ᠬᠠᠷᠰᠢᠯ ᠤᠨ ᠰᠢᠯᠲᠠᠭᠠᠨ ᠢ ᠪᠠᠶᠢᠴᠠᠭᠠᠬᠰᠠᠨ ᠤ ᠳᠠᠷᠠᠭ᠎ᠠ ᠬᠠᠷᠰᠢᠯ ᠠᠴᠠ ᠰᠠᠯᠭᠠᠬᠤ ᠡᠮᠴᠢᠯᠡᠭᠡ ᠬᠢᠬᠦ ᠶᠢ ᠰᠠᠨᠠᠭᠤᠯᠵᠤ ᠪᠠᠶᠢᠨ᠎ᠠ ᠭᠡᠯ᠎ᠠ᠃ | |