ᠡᠶᠢᠮᠦ ᠲᠤᠬᠢᠶᠠᠯᠳᠤᠯ ᠬᠠᠶᠠ ᠬᠠᠷᠠᠭᠳᠠᠳᠠᠭ︕ ᠪᠠᠭᠰᠢ ᠠᠬᠠᠮᠠᠳ ᠤᠨ ᠢᠶᠠᠨ ᠢᠳᠡᠭᠡᠯ ᠨᠡᠶᠢᠳᠡᠪᠦᠷᠢ ᠶᠢ ᠬᠦᠯᠢᠶᠡᠵᠤ ᠬᠢᠴᠢᠶᠡᠯ ᠰᠤᠷᠤᠯᠭ᠎ᠠ ᠳᠠᠭᠠᠨ ᠤᠨᠴᠠ | ᠰᠢᠯᠢᠳᠡᠭ ᠪᠠᠶᠢᠬᠰᠠᠨ ᠭᠡᠤᠭᠡᠳ ᠨᠡᠶᠢᠭᠡᠮ ᠲᠡᠭᠡᠷ᠎ᠠ ᠭᠠᠷᠤᠭᠠᠳ ᠬᠠᠷᠢᠨ ᠬᠢᠭᠰᠡᠨ ᠪᠦᠳᠦᠬᠡᠭᠰᠡᠨ ᠵᠦᠢᠯ ᠦᠭᠡᠢ ᠡᠬᠡᠯ ᠶᠡᠷᠦᠮᠳᠡᠭ ᠢᠶᠠᠷ ᠰᠢᠷ᠎ᠠ ᠡᠳᠦᠷ ᠪᠤᠷᠤ ᠬᠤᠨᠤᠬ ᠢ | ᠦᠡᠭᠭᠡᠷᠡᠬᠦᠯᠵᠤ ᠪᠠᠶᠢᠳᠠᠭ᠃ | ᠠᠵᠢᠯ ᠠᠮᠢᠳᠤᠷᠠᠯ ᠤᠨ ᠨᠣᠬᠤᠴᠠᠭᠠᠨ ᠳᠤ ᠵᠠᠷᠢᠮ ᠨᠢ ᠤᠷᠮ᠎ᠠ ᠬᠤᠭᠤᠷᠠᠵᠤ ᠵᠤᠷᠢᠭ ᠬᠠᠷᠢᠵᠤ ᠬᠤᠪᠢ ᠵᠠᠶᠠᠭᠠᠨ ᠳᠠᠭᠠᠨ ᠭᠤᠮᠤᠷᠬᠠᠵᠤ ᠰᠠᠭᠤᠬᠤ ᠳᠤ᠂ ᠵᠠᠷᠢᠮ ᠨᠢ | ᠴᠤ ᠰᠢᠨ᠎ᠠ ᠤᠷᠴᠢᠨ ᠳᠠᠭᠠᠨ ᠵᠤᠬᠢᠴᠠᠵᠤ ᠤᠰᠤᠨ ᠳᠠᠭᠠᠨ ᠤᠷᠤᠭᠰᠠᠨ ᠵᠢᠭᠠᠰᠤ ᠮᠡᠳᠦ ᠁ ᠡᠨᠡ ᠬᠦ ᠵᠦᠷᠢᠶ᠎ᠡ ᠶᠢ ᠪᠤᠢ ᠪᠤᠯᠭᠠᠬᠰᠠᠨ ᠤᠴᠢᠷ ᠰᠢᠯᠳᠠᠭᠠᠨ ᠢ | ᠶᠠᠷᠢᠪᠠᠯ᠂ ᠡᠨᠡ ᠨᠢ ᠬᠤᠪᠢ ᠬᠦᠮᠦᠨ ᠤ ︽ᠬᠠᠷᠢᠴᠠᠬᠤᠢ ᠴᠢᠳᠠᠪᠤᠷᠢ︾ ᠶᠢᠨ ᠬᠢᠵᠠᠭᠠᠷᠳᠠᠮᠠᠯ ᠠᠴᠠ ᠪᠤᠯᠤᠬᠰᠠᠨ ᠭᠡᠵᠤ ᠪᠢ ᠬᠤᠪᠢᠨ ᠳᠠᠭᠠᠨ ᠪᠤᠳᠤᠳᠠᠭ᠃ ᠭᠡᠷᠪᠡ ᠤᠢ | ᠪᠢᠯᠢᠭ ᠢ ᠲᠦᠷᠦᠯᠬᠢ ᠭᠡᠵᠤ ᠦᠵᠡᠪᠡᠯ᠂ ᠬᠠᠷᠢᠴᠠᠬᠤᠢ ᠴᠢᠳᠠᠪᠤᠷᠢ ᠪᠤᠯ ᠦᠰᠴᠤ ᠲᠦᠷᠦᠭᠰᠡᠨ ᠤᠷᠴᠢᠨ ᠠᠬᠤᠢ ᠦᠡᠭᠭᠡᠷᠡᠬᠦᠯᠵᠤ ᠲᠤᠭᠤᠯᠤᠬᠰᠠᠨ ᠵᠠᠮ ᠮᠦᠷ ᠤᠨ | ᠲᠤᠮᠳᠠ ᠠᠭᠠᠵᠢᠮ ᠢᠶᠠᠷ ᠲᠦᠯᠦᠪᠰᠢᠨ ᠲᠤᠬᠳᠠᠳᠠᠬ ᠪᠢᠯᠡ᠃ | ᠬᠠᠷᠢᠴᠠᠬᠤᠢ ᠴᠢᠳᠠᠪᠤᠷᠢ ᠨᠢ ᠦᠭᠡᠷ᠎ᠡ ᠪᠤᠰᠤᠳ ᠢ ᠲᠠᠨᠢᠨ ᠮᠡᠳᠡᠷᠡᠬᠦ᠂ ᠭᠡᠷᠡᠭ ᠪᠤᠳᠠᠰ ᠤᠨ ᠬᠦᠭᠵᠢᠯᠳᠡ ᠶᠢᠨ ᠵᠢᠮ᠎ᠠ ᠶᠤᠰᠤ ᠶᠢ ᠤᠶᠢᠯᠠᠭᠠᠨ ᠡᠵᠡᠮᠰᠢᠵᠤ᠂ | ᠦᠪᠡᠷ ᠢ ᠪᠠᠨ ᠴᠠᠬ ᠲᠤᠬᠠᠢ ᠳᠤᠨᠢ ᠲᠤᠬᠢᠷᠠᠭᠤᠯᠤᠨ ᠵᠤᠬᠢᠴᠠᠭᠤᠯᠬᠤ ᠲᠠᠯ᠎ᠠ ᠪᠠᠷ ᠢᠯᠡᠷᠡᠳᠡᠭ᠃ ᠡᠶᠢᠮᠦ ᠠᠴᠠ ᠵᠠᠷᠢᠮ ᠪᠠᠶᠢᠳᠠᠯ ᠳᠤ ᠬᠢᠴᠢᠶᠡᠯ ᠰᠤᠷᠤᠯᠭ᠎ᠠ ᠳᠠᠭᠠᠨ | ᠤᠷᠦ᠋ᠢᠯᠠᠵᠤ ᠪᠠᠶᠢᠬᠰᠠᠨ ᠭᠡᠤᠭᠡᠳ ᠠᠵᠢᠯ ᠠᠮᠢᠳᠤᠷᠠᠯ ᠳᠠᠭᠠᠨ ᠪᠦᠳᠦᠮᠵᠢ ᠮᠠᠭᠤᠳᠠᠢ ᠪᠤᠯᠬᠤ ᠨᠢ ᠤᠢ ᠪᠢᠯᠢᠭ ᠤᠯᠠᠨ ᠠᠴᠠ ᠬᠡᠳᠦ᠋ᠢᠳᠦᠭᠰᠡᠨ ᠪᠤᠯᠪᠠᠴᠤ ᠬᠦᠮᠦᠰ ᠤᠨ | ᠬᠤᠭᠤᠷᠤᠨᠳᠤᠬᠢ ᠬᠠᠷᠢᠯᠴᠠᠭᠠᠨ ᠳᠤ ᠲᠤᠯᠢᠮᠠᠭ ᠪᠠᠶᠢᠵᠤ᠂ ︽ᠬᠦᠮᠦᠨ ᠬᠦᠮᠦᠨ ᠤ ᠬᠦᠴᠦᠨ ᠳᠤ᠂ ᠵᠢᠭᠠᠰᠤ ᠤᠰᠤᠨ ᠤ ᠬᠦᠴᠦᠨ ᠳᠤ︾ ᠭᠡᠳᠡᠭ ᠢ ᠤᠮᠳᠤᠭᠠᠶᠢᠯᠠᠵᠤ᠂ | ᠵᠦᠪᠭᠡᠨ ᠴᠢᠳᠠᠯ ᠴᠢᠳᠠᠪᠬᠢ ᠳᠠᠭᠠᠨ ᠬᠡᠳᠦ ᠢᠳᠡᠭᠡᠵᠦ᠂ ᠴᠢᠨᠠᠬᠰᠢᠯᠠᠭᠠᠳ ᠬᠠᠷᠢᠴᠠᠬᠤᠢ ᠴᠢᠳᠠᠪᠤᠷᠢ ᠠᠨᠠᠢ ᠠᠴᠠ ᠪᠤᠯᠵᠤ ᠵᠢᠵᠢᠭᠭᠡᠨ ᠰᠡᠳᠦᠯᠳᠡ ᠠᠴᠠ ᠪᠤᠯᠵᠤ | ᠬᠡᠳᠦᠷᠡᠮᠡᠬᠡᠢ ᠦᠢᠯᠡ ᠶᠠᠪᠤᠳᠡᠯ ᠬᠢᠳᠡᠭ ᠴᠦ ᠪᠤᠢ᠃ | ᠤᠳᠤᠬᠠᠨ ᠳᠤ ᠬᠠᠷᠢᠯᠴᠠᠭᠠᠨ ᠤ ᠲᠦᠭᠰᠢᠬᠦᠷᠢ ᠲᠠᠢ ᠬᠦᠮᠦᠨ ᠤᠯᠠᠰᠢᠷᠠᠵᠤ᠂ ᠡᠳᠡᠬᠡᠷ ᠬᠦᠮᠦᠰ ᠭᠡᠷ ᠤᠨ ᠮᠤᠬᠤᠷ ᠲᠠᠭᠠᠨ ᠬᠤᠷᠭᠤᠳᠠᠵᠤ᠂ ᠨᠡᠶᠢᠭᠡᠮ ᠤᠨ | ᠬᠠᠷᠢᠯᠴᠠᠭᠠᠨ ᠠᠴᠠ ᠵᠢᠷᠦᠬᠡᠰᠢᠶᠡᠨ ᠵᠠᠶᠢᠳᠠᠳᠠᠭ ᠲᠤᠯᠠ ᠠᠮᠢᠳᠤᠷᠠᠯ ᠨᠢ ᠲᠠᠩ ᠴᠤᠯᠭᠤᠢ ᠤᠳᠬ᠎ᠠ ᠠᠭᠤᠯᠭ᠎ᠠ ᠦᠬᠡᠢ ᠪᠤᠯᠳᠠᠭ᠃ ᠬᠦᠮᠦᠰ ᠤᠨ ᠦᠭᠡ ᠶᠠᠷᠢᠶ᠎ᠠ᠂ | ᠦᠢᠯᠡ ᠠᠵᠢᠯᠯᠠᠭ᠎ᠠ᠂ ᠶᠠᠪᠤᠯᠴᠠᠭ᠎ᠠ ᠬᠠᠷᠢᠯᠴᠠᠭ᠎ᠠ ᠶᠢᠨ ᠠᠯᠢ ᠨᠢ ᠴᠤ ᠬᠡᠰᠡᠨ ᠤᠶᠤᠨ ᠮᠡᠳᠡᠷᠡᠮᠵᠢ ᠳᠤ ᠰᠠᠭᠤᠷᠢᠯᠠᠨ ᠬᠠᠷᠢᠴᠠᠬᠤᠢ ᠴᠢᠳᠠᠪᠤᠷᠢ ᠪᠠᠷ ᠲᠡᠮᠵᠢᠨ | ᠪᠡᠶᠡᠯᠡᠭᠳᠡᠳᠡᠭ ᠠᠴᠠ ᠡᠳᠡᠭᠡᠷ ᠬᠦᠮᠦᠰ ᠰᠡᠳᠬᠢᠯ ᠤᠨ ᠰᠠᠭᠠᠳ ᠢᠶᠠᠨ ᠲᠠᠪᠠᠵᠤ ᠴᠢᠳᠠᠪᠠᠯ ᠠᠮᠵᠢᠯᠳᠠ ᠶᠢᠨ ᠠᠯᠳᠠᠨ ᠲᠦᠷᠦᠭᠡ ᠠᠴᠠ ᠤᠶᠢᠷᠠᠬᠠᠨ ᠪᠤᠯᠵᠤ ᠴᠢᠳᠠᠬᠤ ᠶᠤᠮ | ᠡ᠃ | ᠬᠠᠷᠸᠠᠷᠳ᠋ ᠶᠡᠭᠡ ᠰᠤᠷᠭᠠᠭᠤᠯᠢ ᠶᠢᠨ ᠨᠢᠬᠡᠨ ᠪᠠᠶᠢᠴᠠᠭᠠᠯᠳᠠ ᠳᠤ᠂ ᠠᠮᠵᠢᠯᠳᠠ ᠪᠦᠲᠦᠮᠵᠢ ᠤᠯᠬᠤ ᠪᠠ ᠵᠡᠷᠭᠡ ᠵᠢᠩᠰᠡ ᠨᠡᠮᠡᠭᠳᠡᠬᠦ ᠳᠤ 85% ᠨᠢ ᠬᠦᠮᠦᠰ ᠤᠨ | ᠵᠦᠪ ᠤᠷᠮ᠎ᠠ ᠰᠡᠳᠬᠢᠯᠬᠡ᠂ ᠲᠠᠷᠤᠢ ᠬᠠᠷᠢᠴᠠᠬᠤᠢ ᠴᠢᠳᠠᠪᠤᠷᠢ ᠠᠴᠠ ᠪᠤᠯᠵᠤ᠂ 15% ᠨᠢ ᠰᠠᠶ᠋ᠢ ᠲᠤᠰᠬᠠᠢ ᠮᠡᠷᠭᠡᠵᠢᠯ ᠤᠨ ᠴᠢᠳᠠᠪᠤᠷᠢ ᠠᠴᠠ ᠪᠤᠯᠤᠭᠰᠠᠨ ᠭᠡᠳᠡᠭ ᠢ | ᠢᠯᠡᠷᠡᠬᠦᠯᠪᠡ᠂ ᠡᠨᠡ ᠨᠢ ᠬᠦᠮᠦᠰ ᠤᠨ ᠬᠠᠷᠢᠴᠠᠬᠤᠢ ᠴᠢᠳᠠᠪᠤᠷᠢ ᠨᠢ ᠲᠡᠬᠦᠨ ᠤ ᠨᠡᠶᠢᠬᠡᠮ ᠲᠠᠢ ᠵᠤᠬᠢᠴᠠᠨ ᠠᠮᠵᠢᠯᠳᠠ ᠤᠯᠬᠤ ᠳᠤ ᠴᠢᠬᠤᠯᠠ ᠪᠠᠳᠤᠯᠠᠭ᠎ᠠ ᠪᠤᠯᠬᠤ ᠶᠢ | ᠬᠠᠷᠠᠭᠤᠯᠵᠤ ᠪᠤᠢ᠃ ᠡᠳᠦᠷ ᠲᠤᠳᠤᠮ ᠤᠨ ᠠᠮᠢᠳᠤᠷᠠᠯ ᠲᠤᠮᠳᠠ ᠠᠬᠠᠮᠠᠳ ᠲᠤᠮᠤᠭᠠᠳᠠᠨ᠂ ᠠᠶᠢᠯ ᠰᠠᠭᠠᠬᠠᠯᠳᠠ᠂ ᠠᠵᠢᠯ ᠨᠢᠭᠡᠳᠡᠨ᠂ ᠨᠠᠶᠢᠵᠠ ᠨᠦᠬᠦᠳ ᠨᠢ ᠬᠡᠨ | ᠨᠢᠬᠡᠨ ᠢ ︽ᠤᠬᠠᠭᠠᠯᠢᠭ ᠬᠦᠮᠦᠨ︾ ᠭᠡᠬᠦ ᠦᠨᠳᠦᠷ ᠦᠨᠡᠯᠡᠯᠳᠡ ᠦᠭᠭᠦ ᠦᠶᠡᠰ ᠬᠦᠮᠦᠰ ᠶᠡᠬᠡᠳᠡ ᠪᠠᠶᠠᠰᠳᠠᠭ᠃ ᠡᠨᠡ ᠨᠢ ︽ᠤᠬᠠᠭᠠᠯᠢᠭ ᠬᠦᠮᠦᠨ︾ ᠤ | ᠬᠠᠷᠢᠴᠠᠬᠤᠢ ᠴᠢᠳᠠᠪᠤᠷᠢ ᠳᠤ ᠦᠭᠬᠦᠭᠰᠡᠨ ᠦᠨᠡᠯᠡᠯᠳᠡ ᠪᠤᠯᠬᠤ ᠨᠢ ᠲᠠᠮᠵᠢᠭ ᠦᠬᠡᠢ᠃ ᠡᠬᠦᠨ ᠳᠤ ᠪᠢᠳᠡ ᠬᠠᠷᠢᠴᠠᠬᠤᠢ ᠴᠢᠳᠠᠪᠤᠷᠢ ᠶᠢ ᠵᠦᠪᠬᠡᠨ ᠬᠦᠮᠦᠨ ᠬᠦᠮᠦᠨ ᠤ | ᠬᠤᠭᠤᠷᠤᠨᠳᠤᠬᠢ ᠡᠪ ᠲᠠᠢ ᠬᠠᠷᠢᠯᠴᠠᠬᠤ ᠴᠢᠳᠠᠪᠤᠷᠢ ᠪᠠᠷ ᠦᠵᠡᠬᠦ ᠠᠴᠠ ᠪᠢᠰᠢ ᠬᠠᠷᠢᠨ ᠪᠢᠯᠳᠠᠦᠴᠢᠯᠠᠬᠤ᠂ ᠡᠷᠬᠦᠨ ᠮᠠᠭᠳᠠᠬᠤ᠂ ᠬᠠᠭᠤᠷᠮᠠᠭ ᠠᠭᠠᠰᠢᠯᠠᠬᠤ ᠬᠡᠮᠡᠨ | ᠢᠪᠴᠤᠤ ᠤᠳᠬ᠎ᠠ ᠠᠴᠠ ᠤᠶᠢᠯᠠᠭᠠᠵᠤ ᠪᠤᠯᠬᠤ ᠦᠬᠡᠢ᠃ ᠬᠠᠷᠢᠴᠠᠬᠤᠢ ᠴᠢᠳᠠᠪᠤᠷᠢ ᠨᠢ ᠨᠢᠬᠡ ᠵᠦᠢᠯ ᠤᠨ ᠤᠶᠤᠨ ᠰᠠᠨᠠᠭᠠᠨ ᠤ ᠬᠦᠴᠦᠨ᠂ ᠨᠢᠬᠡ ᠵᠦᠢᠯ ᠤᠨ ᠵᠠᠩ | ᠠᠭᠠᠰᠢ ᠶᠢᠨ ᠬᠡᠪ ᠴᠢᠨᠠᠷ ᠪᠤᠯᠬᠤᠷ ᠵᠠᠪᠠᠯ ᠵᠦᠪ ᠲᠠᠯ᠎ᠠ ᠠᠴᠠ ᠤᠶᠢᠯᠠᠭᠠᠬᠤ ᠬᠡᠷᠡᠭᠳᠡᠢ᠃ ᠬᠦᠮᠦᠨ ᠡᠨᠡ ᠶᠢᠷᠳᠢᠨᠴᠦ ᠳᠤ ᠭᠤᠤᠨᠢ ᠪᠡᠶ᠎ᠠ ᠭᠤᠵᠤᠩ ᠲᠤᠯᠤᠭᠠᠢ ᠪᠠᠷ | ᠠᠮᠢᠳᠤᠷᠠᠨ ᠤᠷᠤᠰᠢᠬᠤ ᠪᠢᠰᠢ᠂ ᠬᠠᠷᠢᠨ ᠤᠯᠠᠭᠤᠯᠠ ᠨᠡᠶᠢᠯᠡᠵᠤ᠂ ᠨᠡᠶᠢᠳᠡ ᠪᠠᠷ ᠤᠷᠤᠰᠢᠬᠤ ᠵᠠᠩ ᠵᠢᠷᠦᠮ ᠲᠠᠢ ᠪᠤᠯᠬᠤᠷ ᠦᠪᠡᠷ ᠤᠨ ᠬᠠᠷᠢᠴᠠᠬᠤᠢ ᠴᠢᠳᠠᠪᠤᠷᠢ ᠪᠠᠨ | ᠲᠡᠭᠡᠭᠰᠢᠯᠡᠬᠦᠯᠵᠤ᠂ ᠦᠭᠬᠢᠶᠡᠮᠦᠷ ᠪᠤᠳᠤᠯ ᠲᠠᠢ᠂ ᠦᠷᠦᠭᠡᠯ ᠳᠤ ᠲᠤᠰᠠᠷᠬᠠᠭ᠂ ᠦᠨᠡᠨᠴᠢ ᠢᠳᠡᠭᠡᠮᠵᠢᠳᠡᠢ ᠶᠠᠪᠤᠪᠠᠯ ᠵᠤᠬᠢᠨ᠎ᠠ᠃ | |