ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠶ᠎ᠠ
ᠨᠡᠶᠢᠲᠡᠯᠡᠭᠰᠡᠨ ᠴᠠᠭ᠄
2025/5/14
    ᠰᠤᠷᠲᠠᠯ ᠤᠨ ᠪᠠᠶᠢᠭᠤᠯᠤᠯᠲᠠ ᠬᠡᠵᠢᠶᠡᠳᠡ ᠳᠠᠭᠤᠰᠤᠰᠢ ᠦᠭᠡᠢ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃ ᠪᠦᠭᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠡᠯ᠎ᠡ ᠱᠠᠲᠤ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠠᠰᠤ ᠴᠢᠨᠠᠷ ᠲᠠᠢ᠂ ᠪᠠᠶᠢᠴᠠᠭᠠᠯᠲᠠ ᠡᠷᠴᠢᠮ ᠲᠠᠢ᠂ ᠴᠡᠭᠴᠡᠯᠡᠨ ᠰᠠᠶᠢᠵᠢᠷᠠᠭᠤᠯᠤᠯᠲᠠ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠪᠤᠢ᠃    ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ ᠪᠣᠳᠠᠲᠠᠢ ᠳᠤ ᠨᠠᠶᠢᠳᠠᠪᠤᠷᠢᠵᠢᠭᠤᠯᠬᠤ ᠪᠣᠯ ᠰᠤᠷᠤᠯᠴᠠᠯᠭ᠎ᠠ ᠬᠥᠮᠦᠵᠢᠯ ᠤᠨ ᠦᠨᠳᠦᠰᠦᠨ ᠱᠠᠭᠠᠷᠳᠠᠯᠭ᠎ᠠ ᠪᠤᠯᠬᠤ ᠪᠥᠭᠡᠳ ᠪᠠᠰᠠ ᠰᠤᠷᠤᠯᠴᠠᠯᠭ᠎ᠠ ᠬᠥᠮᠥᠵᠢ ᠯ᠊ ᠤᠨ ᠡᠴᠦᠰ ᠤᠨ ᠵᠣᠷᠢᠯᠲᠠ ᠪᠣᠯᠣᠨ᠎ᠠ᠃ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠣᠰ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ᠂ ᠪᠠᠶᠢᠴᠠᠭᠠᠯᠲᠠ ᠪᠠᠷ ᠲᠣᠯᠢ ᠪᠤᠯᠭᠠᠵᠤ᠂ ᠴᠡᠭᠴᠡᠯᠡᠨ ᠰᠠᠶᠢᠵᠢᠷᠠᠭᠤᠯᠬᠤ ᠪᠠᠷ ᠦᠨᠳᠦᠰᠦ ᠪᠤᠯᠭᠠᠵᠤ᠂ ︽ᠬᠠᠯᠠᠨ ᠰᠠᠶᠢᠵᠢᠷᠠᠭᠤᠯᠬᠤ︾ ᠶᠢ ᠰᠤᠷᠤᠯᠴᠠᠯᠭ᠎ᠠ ᠬᠥᠮᠦᠵᠢᠯ ᠳᠤ ᠢᠮᠠᠭᠲᠠ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠢᠷᠤᠮᠯᠠᠨ ᠰᠠᠬᠢᠬᠤ ᠶᠢ ᠡᠳᠦᠷ ᠲᠤᠲᠤᠮ ᠤᠨ ᠳᠠᠳᠬᠠᠯ ᠪᠤᠯᠭᠠᠵᠤ᠂ ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢ ᠦᠨᠡᠨ ᠬᠦ ᠴᠢᠩᠭᠠᠳᠬᠠᠵᠤ᠂ ᠰᠠᠶᠢᠨ ᠰᠤᠷᠲᠠᠯ ᠰᠠᠶᠢᠨ ᠳᠦᠷᠢ ᠲᠥᠷᠬᠦ ᠪᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠥᠭᠵᠢᠯᠲᠡ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠬᠤ ᠳᠤ ᠬᠦᠴᠦᠷᠬᠡᠭ ᠶᠡᠭᠡ ᠨᠡᠶᠢᠯᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠲᠡᠮᠦᠷ ᠢ ᠳᠠᠪᠲᠠᠬᠤ ᠳᠤ ᠬᠠᠯᠠᠭᠤᠨ ᠳᠡᠭᠡᠷ᠎ᠡ ᠨᠢ ᠭᠡᠳᠡᠭᠴᠢᠯᠡᠨ ᠴᠡᠭᠴᠡᠯᠡᠨ ᠰᠠᠶᠢᠵᠢᠷᠠᠭᠤᠯᠬᠤ ᠶᠢ ᠪᠠᠷᠢᠨ ᠳᠣᠣᠷ᠎ᠠ ᠨᠢ ᠭᠦᠢᠴᠡᠳᠬᠡᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠰᠤᠷᠤᠯᠴᠠᠬᠤ ᠶᠢᠨ ᠳᠠᠭᠠᠤ ᠪᠠᠶᠢᠴᠠᠭᠠᠨ ᠭᠠᠷᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠰᠢᠭᠤᠷᠬᠠᠢ ᠠᠵᠢᠯᠯᠠᠭ᠎ᠠ ᠠᠪᠴᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠮᠡᠳᠡᠭᠰᠡᠨ ᠳᠠᠷᠤᠢ ᠳᠠᠭᠠᠨ ᠴᠡᠭᠴᠡᠯᠡᠨ ᠰᠠᠶᠢᠵᠢᠷᠠᠭᠤᠯᠵᠤ᠂ ᠪᠠᠭ᠎ᠠ ᠶᠠᠪᠤᠳᠠᠯ ᠠᠴᠠ ᠡᠬᠢᠯᠡᠨ ᠴᠡᠭᠴᠡᠯᠡᠨ ᠰᠠᠶᠢᠵᠢᠷᠠᠭᠤᠯᠵᠤ᠂ ᠤᠳᠤ ᠠᠴᠠ ᠡᠬᠢᠯᠡᠨ ᠴᠡᠭᠴᠡᠯᠡᠨ ᠰᠠᠶᠢᠵᠢᠷᠠᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡ ᠤᠳᠠᠭ᠎ᠠ ᠶᠢᠨ ᠴᠠᠭ ᠤᠨ ᠬᠢᠵᠠᠭᠠᠷ ᠲᠠᠢ ᠰᠢᠯᠭᠠᠯᠲᠠ ᠪᠤᠯᠭᠠᠵᠤ᠂ ᠶᠠᠭᠠᠬᠢᠭᠰᠠᠨ ᠴᠤ ᠤᠨᠵᠢᠷᠠᠭᠤᠯᠤᠨ ᠰᠤᠨᠵᠢᠷᠠᠭᠤᠯᠵᠤ ᠪᠤᠯᠬᠤ ᠦᠭᠡᠢ᠂ ᠬᠠᠮᠤᠭ ᠤᠨ ᠣᠬᠤᠷᠬᠠᠨ ᠬᠤᠭᠤᠴᠠᠭᠠᠨ ᠳᠤ᠂ ᠬᠠᠮᠤᠭ ᠤᠨ ᠰᠢᠯᠢᠳᠡᠭ ᠬᠠᠷᠢᠭᠤᠯᠲᠠ ᠪᠠᠷ ᠥᠨᠳᠥᠷ ᠬᠤᠪᠢ ᠪᠦᠬᠦᠢ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠠᠷᠠᠳ ᠤᠯᠠᠨ ᠳᠤ ᠰᠤᠷᠤᠯᠴᠠᠯᠭ᠎ᠠ ᠬᠥᠮᠦᠵᠢᠯ ᠤᠨ ᠰᠢᠨ᠎ᠡ ᠬᠤᠪᠢᠷᠠᠯᠲᠠ ᠪᠠ ᠰᠢᠨ᠎ᠡ ᠦᠷ᠎ᠡ ᠪᠦᠲᠦᠮᠵᠢ ᠶᠢ ᠦᠵᠡᠭᠦᠯᠭᠦ ᠬᠡᠷᠡᠭᠲᠡᠢ᠃    ᠴᠡᠭᠴᠡᠯᠡᠨ ᠰᠠᠶᠢᠵᠢᠷᠠᠭᠤᠯᠬᠤ ᠳᠤ ᠡᠷᠬᠡᠪᠰᠢ ᠬᠠᠲᠠᠭᠤ ᠲᠠᠢ ᠨᠢ ᠬᠠᠯᠳᠠᠵᠤ᠂ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠴᠢᠭᠯᠡᠭᠦᠯᠦᠯᠲᠦ ᠴᠢᠨᠠᠷ ᠲᠠᠢ᠂ ᠬᠡᠷᠡᠭᠵᠢᠭᠦᠯᠵᠦ ᠪᠣᠯᠬᠤᠶᠢᠴᠠ ᠬᠠᠲᠠᠭᠤ ᠠᠷᠭ᠎ᠠ ᠬᠡᠮᠵᠢᠶ᠎ᠡ ᠠᠪᠴᠤ᠂ ᠰᠤᠷᠲᠠᠯ ᠤᠨ ᠠᠰᠠᠭᠤᠳᠠᠯ ᠤᠨ ᠵᠠᠩᠭᠢᠯᠠᠭ᠎ᠠ ᠶᠢᠨ ᠭᠡᠮ ᠢ ᠣᠨᠢᠯᠠᠨ ᠬᠦᠴᠦᠯᠡᠵᠦ᠂ ᠰᠢᠪᠲᠤᠯᠤᠯᠲᠠ ᠭᠠᠷᠭᠠᠬᠤ ᠬᠡᠷᠡᠭᠲᠡᠢ᠃ ᠬᠠᠲᠠᠭᠤ ᠲᠠᠢ ᠨᠢ ᠬᠠᠯᠳᠠᠵᠤ᠂ ᠥᠴᠥᠬᠡᠨ ᠴᠦ ᠬᠠᠭᠤᠮᠠᠭᠠᠢ ᠪᠠᠶᠢᠵᠤ ᠪᠤᠯᠬᠤ ᠦᠭᠡᠢ ᠣᠪᠣᠷ ᠢᠶᠠᠷ ᠥᠪᠡᠷ ᠢ ᠪᠠᠨ ᠪᠠᠶᠢᠴᠠᠭᠠᠵᠤ᠂ ᠠᠵᠢᠯ ᠢᠶᠠᠨ ᠪᠠᠶᠢᠴᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠶᠢᠴᠠᠭᠠᠵᠤ᠂ ᠬᠢᠲᠤᠭᠠᠨ ᠤ ᠢᠷ ᠢ ᠳᠣᠲᠣᠭᠰᠢ ᠬᠠᠨᠳᠤᠭᠤᠯᠬᠤ ᠰᠥᠰᠥ ᠵᠣᠷᠢᠭ ᠢᠶᠠᠷ ᠠᠷᠬᠠᠭ ᠭᠡᠮ ᠳᠤ ᠮᠡᠰᠡ ᠵᠠᠰᠠᠯ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠵᠦ ᠪᠠᠶᠢᠭ᠎ᠠ ᠠᠰᠠᠭᠤᠳᠠᠯ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠪᠦᠲᠦᠮᠵᠢᠲᠡᠢ ᠰᠠᠶᠢᠵᠢᠷᠠᠭᠤᠯᠵᠤ᠂ ᠲᠦᠢᠯᠪᠤᠷᠢᠲᠠᠢ ᠰᠠᠶᠢᠵᠢᠷᠠᠭᠤᠯᠬᠤ ᠬᠡᠷᠡᠭᠲᠡᠢ᠃ ᠦᠷ᠎ᠡ ᠳ᠋ᠦᠩ ᠢ ᠴᠢᠬᠤᠯᠠᠴᠢᠯᠠᠨ ᠦᠷ᠎ᠡ ᠪᠦᠲᠦᠮᠵᠢ ᠶᠢ ᠴᠢᠬᠤᠯᠠᠴᠢᠯᠠᠵᠤ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠬᠠᠶᠠᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠦᠭᠡᠢ ᠪᠣᠯ ᠵᠤᠬᠰᠤᠬᠤ ᠦᠭᠡᠢ᠂ ᠦᠨᠡᠨ ᠪᠣᠳᠠᠲᠠᠢ ᠬᠤᠪᠢᠷᠠᠯᠲᠠ ᠪᠠᠷ ᠣᠯᠠᠨ ᠲᠦᠮᠡᠨ ᠤ ᠰᠡᠳᠬᠢᠯ ᠢ ᠣᠯᠵᠤ᠂ ᠥᠪᠥᠷ ᠮᠣᠩᠭᠤᠯ ᠤᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃    ᠰᠤᠷᠲᠠᠯ ᠤᠨ ᠪᠠᠶᠢᠭᠤᠯᠤᠯᠲᠠ ᠪᠣᠯ ᠤᠷᠤᠰᠬᠠᠯ ᠰᠥᠷᠴᠦ ᠣᠩᠭᠤᠴᠠ ᠰᠡᠯᠢᠬᠦ ᠲᠠᠢ ᠠᠳᠠᠯᠢ᠂ ᠰᠡᠯᠢᠬᠦ ᠪᠠᠨ ᠵᠣᠭᠰᠣᠮᠠᠭᠴᠠ ᠲᠦᠯᠬᠢᠭᠳᠡᠨ ᠤᠬᠤᠷᠢᠵᠤ ᠪᠦᠭᠦ ᠶᠠᠭᠤᠮ᠎ᠠ ᠲᠠᠯᠠᠭᠠᠷ ᠪᠣᠯᠣᠨ᠎ᠠ᠃ ᠡᠷᠬᠡᠪᠰᠢ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨ ᠬᠦ ᠨᠠᠮ ᠤᠨ ᠭᠡᠰᠢᠭᠦᠨ ᠺᠠᠳ᠋ᠷ ᠪᠦᠷᠢ ᠶᠢᠨ ᠡᠳᠦᠷ ᠳᠤᠳᠤᠮ ᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠤᠯᠭᠠᠬᠤ ᠶᠢ ᠠᠬᠢᠭᠤᠯᠬᠤ ᠬᠡᠷᠡᠭᠲᠡᠢ᠃ ︽ᠣᠳᠣᠬᠠᠨ ᠤ ᠴᠡᠭᠴᠡᠯᠡᠨ ᠰᠠᠶᠢᠵᠢᠷᠠᠭᠤᠯᠬᠤ︾ ᠳᠤ ᠰᠠᠭᠤᠷᠢᠯᠠᠵᠤ᠂ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠠᠩᠬᠠᠷᠴᠤ᠂ ᠪᠠᠶᠢᠩᠭᠤ ᠠᠳᠬᠤᠬᠤ᠂ ᠨᠠᠷᠢᠯᠢᠭ ᠠᠳᠬᠤᠬᠤ᠂ ᠣᠷᠳᠣ ᠬᠤᠭᠤᠴᠠᠭ᠎ᠠ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠡᠬᠢ ᠡᠭᠦᠰᠦᠯ ᠠᠴᠠ ᠨᠢ ᠮᠠᠯᠲᠠᠬᠤ᠂ ᠳᠤᠲᠠᠭᠤᠳᠠᠯ ᠢ ᠨᠥᠬᠦᠪᠦᠷᠢᠯᠡᠬᠦ᠂ ᠳᠠᠭᠢᠨ ᠡᠭᠦᠰᠬᠦ ᠶᠢ ᠰᠡᠷᠭᠡᠶᠢᠯᠡᠬᠦ ᠶᠢ ᠴᠢᠬᠤᠯᠠᠴᠢᠯᠠᠵᠤ᠂ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠯᠳᠠᠭ᠎ᠠ ᠳᠤᠲᠠᠭᠳᠠᠯ ᠢᠶᠠᠨ ᠨᠥᠬᠦᠪᠦᠷᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠲᠣᠭᠲᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠤᠨ ᠦᠨᠡᠨ ᠪᠣᠳᠠᠲᠠᠢ᠂ ᠤᠷᠳᠤ ᠬᠤᠭᠤᠴᠠᠭ᠎ᠠ ᠦᠢᠯᠡᠳᠦᠯ ᠭᠠᠷᠭᠠᠬᠤ ᠶᠢ ᠪᠠᠲᠤᠯᠠᠬᠤ ᠬᠡᠷᠡᠭᠲᠡᠢ᠃    ᠰᠤᠷᠲᠠᠯ ᠴᠢᠬᠡᠴᠢ ᠪᠣᠯ ᠣᠪᠣᠷ ᠲᠥᠪ᠂ ᠣᠪᠣᠷ ᠲᠥᠪ ᠪᠣᠯ ᠰᠡᠳᠬᠢᠯ ᠨᠢᠭᠡᠳᠦᠨ᠎ᠡ᠂ ᠰᠡᠳᠬᠢᠯ ᠨᠢᠭᠡᠳᠪᠡᠯ ᠠᠵᠢᠯ ᠶᠠᠪᠤᠳᠠᠯ ᠪᠦᠲᠦᠨ᠎ᠡ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠥᠪᠡᠷ ᠢ ᠪᠠᠨ ᠬᠢᠵᠠᠭᠠᠷᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠯᠢᠳᠡᠭ ᠰᠤᠷᠲᠠᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠳᠤ ᠨᠡᠩ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃     
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ