ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠮᠠᠰᠢ ᠶᠠᠭᠠᠷᠠᠯᠲᠠᠢ ᠴᠠᠭ ᠪᠣᠯᠣᠯ᠎ᠠ᠃ ᠲᠠᠷᠢᠶᠠᠯᠠᠩ ᠤᠨ ᠵᠠᠩᠭᠢᠯᠠᠭ᠎ᠠ ᠶᠢᠨ ᠦᠶ᠎ᠡ ᠳᠤ | ᠥᠴᠥᠬᠡᠨ ᠴᠦ ᠴᠠᠯᠠᠭᠠᠶᠢᠷᠠᠵᠤ ᠪᠤᠯᠬᠤ ᠦᠭᠡᠢ᠂ ᠡᠯ᠎ᠡ ᠭᠠᠵᠠᠷ ᠤᠨ ᠬᠢᠨ ᠡᠷᠬᠡᠪᠰᠢ ︽ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ︾ ᠶᠢ ᠲᠡᠷᠢᠭᠦᠨ ᠳᠤ ᠲᠠᠯᠪᠢᠵᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠯᠢᠭ ᠠᠳᠬᠤᠬᠤ ᠳᠡᠭᠡᠷ᠎ᠡ ᠬᠦᠴᠦ ᠲᠠᠯᠪᠢᠵᠤ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ | ᠠᠳᠬᠤᠬᠤ ᠲᠠᠢ ᠨᠢᠭᠲᠠ ᠤᠶᠠᠯᠳᠤᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ | ᠬᠡᠷᠡᠭᠲᠡᠢ᠃ | ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾᠂ ᠣᠳᠣᠬᠠᠨ ᠤ ᠤᠯᠠᠨ ᠤᠯᠤᠰ ᠤᠨ ᠣᠷᠴᠢᠨ ᠲᠣᠭᠤᠷᠢᠨ ᠤ ᠡᠭᠡᠳᠡᠷᠡᠭᠡᠨ | ᠪᠤᠳᠤᠯᠢᠶᠠᠨᠲᠠᠢ ᠠᠬᠤᠢ ᠪᠠᠶᠢᠳᠠᠯ ᠳᠣᠣᠷ᠎ᠠ᠂ ᠶᠠᠭᠠᠬᠢᠵᠤ ᠴᠢᠬᠤᠯᠠᠴᠢᠯᠠᠭᠰᠠᠨ ᠴᠤ ᠬᠡᠲᠦᠷᠡᠬᠦ ᠦᠭᠡᠢ ᠶᠤᠮ᠃ ᠠᠮᠤ ᠪᠤᠳᠠᠭᠠᠨ ᠤ ᠦᠢᠯᠡᠳᠪᠦᠷᠢᠯᠡᠯ ᠳᠠᠪᠠᠭ᠎ᠠ | ᠳᠠᠪᠠᠭ᠋ᠤ ᠳᠤ ᠬᠦᠴᠢᠷ ᠲᠠᠢ᠂ ᠤᠷᠤᠭᠤᠳᠠᠬᠤ ᠳᠤ ᠭᠢᠯᠪᠡᠷ᠂ ᠨᠡᠮᠡᠭᠳᠡᠭᠦᠯᠬᠦ ᠳᠤ ᠤᠳᠠᠭᠠᠨ᠂ ᠪᠠᠭᠤᠷᠠᠬᠤ ᠳᠤ ᠲᠦᠷᠭᠡᠨ ᠪᠠᠶᠢᠳᠠᠭ᠃ ᠠᠮᠤ ᠪᠤᠳᠠᠭᠠᠨ ᠤ ᠤᠨᠠᠯᠳᠠ | ᠲᠡᠦᠬᠡᠲᠦ ᠴᠢᠨᠠᠷᠲᠠᠢ ᠪᠠᠷ ᠰᠢᠨ᠎ᠡ ᠳᠡᠭᠲᠡᠷ ᠲᠤ ᠭᠠᠷᠬᠤ ᠲᠤᠳᠤᠮ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠨᠡᠩ ᠢᠯᠡᠭᠦᠦ ᠪᠣᠳᠣᠯᠬᠢᠯᠠᠬᠤ ᠬᠡᠷᠡᠭᠲᠡᠢ | ᠂ ᠰᠠᠨᠠᠭ᠎ᠠ ᠠᠮᠠᠷᠠᠵᠤ ᠰᠤᠯᠠᠷᠠᠵᠤ ᠪᠤᠯᠬᠤ ᠦᠭᠡᠢ᠃ ᠬᠠᠪᠤᠷ ᠤᠨ ᠲᠠᠷᠢᠶᠠᠯᠠᠭ᠎ᠠ ᠪᠣᠯ ᠪᠦᠭᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠶᠡᠭᠡ ᠲᠠᠯ᠎ᠠ ᠪᠣᠯᠣᠨ᠎ᠠ᠂ | ᠵᠤᠨ ᠤ ᠠᠮᠤ ᠪᠤᠳᠠᠭ᠎ᠠ ᠪᠣᠯ ᠪᠦᠭᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠨᠢᠭᠡᠳᠦᠭᠡᠷ ᠤᠯᠠᠷᠢᠯ ᠪᠣᠯᠣᠨ᠎ᠠ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠢ ᠰᠠᠶᠢᠲᠤᠷ ᠠᠳᠬᠤᠬᠤ ᠨᠢ ᠪᠦᠭᠦ ᠵᠢᠯ ᠤᠨ ᠠᠮᠤ ᠪᠤᠳᠠᠭᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠶᠤᠮ᠃ | ᠬᠥᠮᠥᠨ ᠠᠮᠤ ᠪᠤᠳᠠᠭ᠎ᠠ ᠦᠭᠡᠢ ᠪᠣᠯ ᠠᠮᠢᠳᠤᠷᠠᠵᠤ ᠴᠢᠳᠠᠬᠤ ᠦᠭᠡᠢ᠂ ᠲᠠᠷᠢᠶ᠎ᠠ ᠭᠠᠵᠠᠷ ᠰᠢᠷᠣᠢ ᠦᠭᠡᠢ ᠪᠣᠯ ᠤᠷᠭᠤᠵᠤ ᠲᠡᠶᠢᠯᠭᠦ ᠦᠭᠡᠢ᠃ ᠲᠠᠷᠢᠶᠠᠯᠠᠩ ᠤᠨ | ᠦᠢᠯᠡᠳᠪᠦᠷᠢᠯᠡᠯ ᠤᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ᠂ ᠡᠷᠬᠡᠪᠰᠢ ᠲᠠᠷᠢᠶᠠᠨ ᠭᠠᠵᠠᠷ ᠭᠡᠬᠦ ᠡᠨᠡ ᠬᠦ ᠠᠮᠢᠨ ᠰᠤᠳᠠᠰᠤ ᠶᠢ ᠠᠳᠬᠤᠵᠤ᠂ ᠬᠠᠪᠤᠷ ᠤᠨ | ᠲᠠᠷᠢᠶᠠᠯᠠᠭ᠎ᠠ ᠶᠢᠨ ᠠᠮᠤ ᠪᠤᠳᠠᠭ᠎ᠠ ᠲᠠᠷᠢᠬᠤ ᠲᠠᠯᠠᠪᠠᠢ ᠶᠢ ᠬᠦᠴᠦᠯᠡᠨ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠡᠭᠦᠨ ᠤ ᠬᠠᠮᠲᠤ | ᠪᠠᠰᠠ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠭ᠎ᠠ | ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ | ᠪᠠᠶᠢᠯᠭᠠᠬᠤ ᠶᠢ ᠠᠬᠢᠭᠤᠯᠵᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ | ᠳᠠᠶᠢᠴᠢᠯᠠᠬᠤ ᠬᠡᠷᠡᠭᠲᠡᠢ᠃ | ᠲᠠᠷᠢᠶᠠᠯᠠᠩ ᠦᠢᠯᠡᠳᠪᠦᠷᠢᠯᠡᠯ ᠤᠨ ᠰᠠᠶᠢᠨ ᠡᠭᠢᠯᠡᠯᠲᠡ ᠶᠢ ᠪᠡᠶᠡᠯᠡᠭᠦᠯᠬᠦ ᠶᠢᠨ ᠭᠤᠣᠯᠳᠠᠯᠭ᠎ᠠ ᠨᠢ ᠪᠠᠰᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ᠃ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠪᠴᠢᠯᠡᠨ ᠬᠥᠭᠵᠢᠭᠦᠯᠬᠦ ᠪᠣᠯ ᠮᠠᠨ ᠤ ᠤᠯᠤᠰ ᠤᠨ ᠲᠠᠷᠢᠶᠠᠯᠠᠩ ᠤᠨ ᠲᠣᠮᠣ ᠤᠯᠤᠰ ᠠᠴᠠ ᠲᠠᠷᠢᠶᠠᠯᠠᠩ ᠤᠨ ᠬᠦᠴᠦᠷᠬᠡᠭ ᠤᠯᠤᠰ ᠲᠡᠶᠢᠰᠢ | ᠤᠷᠤᠭᠰᠢᠯᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠃ ᠠᠮᠤ ᠪᠤᠳᠠᠭᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠣᠯᠣᠨ ᠪᠠᠭᠤᠷᠠᠢ | ᠭᠤᠭᠴᠤᠭ᠎ᠠ ᠶᠢᠨ ᠲᠣᠭᠤᠷᠢᠨ ᠳᠤ᠂ ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠠᠵᠠ ᠲᠣᠭᠢᠶᠠᠯ᠂ ᠰᠠᠶᠢᠨ ᠠᠷᠭ᠎ᠠ ᠶᠢ ᠬᠡᠷᠡᠭᠯᠡᠨ ᠵᠡᠷᠭᠡ ᠪᠠᠷ ᠬᠦᠴᠦᠯᠡᠬᠦ ᠶᠢ | ᠠᠬᠢᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠣᠶᠤᠨᠴᠢᠯᠠᠭᠰᠠᠨ ᠬᠡᠷᠡᠭᠯᠡᠯᠲᠡ ᠶᠢ ᠠᠬᠢᠭᠤᠯᠵᠤ᠂ ᠰᠢᠨ᠎ᠡ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠪᠠ | ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠵᠣᠯᠭᠠᠭᠤᠯᠤᠨ ᠬᠠᠮᠵᠢᠯᠴᠠᠭᠤᠯᠬᠤ ᠶᠢ ᠴᠢᠩᠭᠠᠳᠬᠠᠵᠤ᠂ ᠭᠠᠵᠠᠷ ᠰᠢᠷᠣᠢ ᠶᠢᠨ ᠤᠨᠠᠯᠳᠠ ᠶᠢᠨ ᠨᠣᠷᠮ᠎ᠠ᠂ ᠡᠬᠢ | ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠣᠯᠣᠨ ᠲᠠᠷᠢᠶᠠᠯᠠᠩ ᠤᠨ ᠭᠦᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠠᠮᠤ ᠲᠣᠰᠣᠨ ᠤ | ᠲᠠᠷᠢᠮᠠᠯ ᠤᠨ ᠶᠡᠭᠡ ᠲᠠᠯᠠᠪᠠᠶ ᠪᠠᠷ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ᠃ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠨᠡᠨ ᠬᠦ ᠰᠠᠶᠢᠲᠤᠷ ᠬᠢᠵᠦ᠂ ᠡᠯᠪᠡᠭ ᠬᠤᠷᠢᠶᠠᠯᠲᠠ ᠶᠢ ᠴᠢᠷᠮᠠᠶᠢᠨ ᠣᠯᠬᠤ ᠪᠣᠯ ᠣᠳᠣᠬᠠᠨ ᠤ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠲᠣᠮᠣ ᠶᠠᠪᠤᠳᠠᠯ ᠮᠥᠨ᠃ ᠨᠢᠳᠤᠨᠤᠨ ᠡᠪᠦᠯ ᠡᠨᠡ ᠬᠠᠪᠤᠷ ᠠᠴᠠ ᠨᠠᠭᠠᠰᠢ᠂ ᠮᠠᠨ ᠤ ᠤᠯᠤᠰ ᠤᠨ ᠴᠥᠭᠡᠨ | ᠪᠤᠰᠤ ᠭᠠᠵᠠᠷ ᠣᠷᠣᠨ ᠳᠤ ᠬᠤᠷ᠎ᠠ ᠲᠤᠨᠳᠠᠰᠤ ᠢᠯᠡᠷᠬᠡᠢ ᠪᠠᠭᠠᠰᠴᠤ᠂ ᠭᠤᠸᠠᠩᠰᠢ᠂ ᠾᠧᠨᠠᠨ᠂ ᠱᠠᠨᠰᠢ ᠵᠡᠷᠭᠡ ᠭᠠᠵᠠᠷ ᠤᠨ ᠭᠠᠩ ᠬᠠᠭᠰᠠᠷᠠᠭᠠᠨ ᠬᠦᠨᠳᠦ ᠨᠣᠴᠢᠲᠠᠢ | ᠪᠠᠶᠢᠨ᠎ᠠ᠂ ᠡᠭᠦᠨ ᠤ ᠬᠠᠮᠲᠤ ᠡᠪᠦᠯ ᠤᠨ ᠪᠤᠭᠤᠳᠠᠢ ᠬᠤᠷᠢᠶᠠᠬᠤ ᠳᠤ ᠪᠠᠰᠠ ᠡᠪᠡᠳᠴᠢᠨ ᠬᠤᠷᠣᠬᠠᠢ᠂ ᠬᠠᠭᠤᠷᠠᠢ ᠬᠠᠯᠠᠭᠤᠨ ᠰᠠᠯᠬᠢ᠂ ᠵᠦᠰᠡ ᠪᠣᠷᠣᠭᠠᠨ ᠵᠡᠷᠭᠡ ᠣᠯᠠᠨ | ᠵᠠᠩᠭᠢᠯᠠᠭ᠎ᠠ ᠶᠢᠨ ᠴᠠᠭ ᠦᠶ᠎ᠡ ᠳᠤ ᠲᠤᠯᠭᠠᠷᠠᠵᠤ᠂ ᠬᠠᠪᠤᠷ ᠤᠨ ᠲᠠᠷᠢᠶᠠᠯᠠᠭ᠎ᠠ ᠶᠢᠨ ᠰᠡᠭᠦᠯᠴᠢ ᠶᠢᠨ ᠬᠤᠭᠤᠴᠠᠭᠠᠨ ᠳᠤ ᠣᠯᠠᠨ ᠠᠷᠪᠢᠨ ᠲᠣᠭᠲᠠᠪᠤᠷᠢ ᠦᠭᠡᠢ ᠴᠢᠨᠠᠷ | ᠣᠷᠣᠰᠢᠵᠤ ᠪᠠᠶᠢᠨ᠎ᠠ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠤᠭᠰᠠᠨ ︽ᠲᠠᠷᠢᠶᠠᠯᠠᠩ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠭᠠᠮᠰᠢᠭ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠴᠢᠩᠭᠠᠳᠬᠠᠵᠤ᠂ ᠤᠰᠤᠯᠠᠯᠲᠠ ᠶᠢᠨ ᠤᠰᠤᠨ ᠤ ᠡᠬᠢ ᠰᠤᠷᠪᠤᠯᠵᠢ ᠶᠢ | ᠰᠢᠨᠵᠢᠯᠡᠬᠦ ᠤᠬᠠᠭᠠᠨᠴᠢ ᠪᠠᠷ ᠵᠣᠬᠢᠰᠲᠠᠢ ᠬᠤᠪᠢᠶᠠᠷᠢᠯᠠᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ | ᠨᠥᠬᠦᠪᠦᠷᠢᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ | ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠮᠡᠷᠭᠡᠵᠢᠯ ᠤᠨ ᠵᠢᠯᠣᠭᠤᠳᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ︽ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠬᠦᠷᠭᠡᠬᠦ︾ ᠶᠢ ᠨᠢᠭᠡᠨᠲᠡ ᠮᠠᠨ ᠤ ᠤᠯᠤᠰ ᠤᠨ ᠡᠨᠡ ᠵᠢᠯ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠳᠤ ᠣᠷᠣᠭᠤᠯᠪᠠ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠠᠪᠤᠷ ᠤᠨ ᠲᠠᠷᠢᠶᠠᠯᠠᠭ᠎ᠠ ᠶᠢᠨ ᠠᠵᠢᠯ ᠢ | ᠰᠠᠶᠢᠲᠤᠷ ᠬᠢᠪᠡᠯ᠂ ᠮᠠᠨ ᠤ ᠡᠯᠪᠡᠭ ᠬᠤᠷᠢᠶᠠᠯᠲᠠ ᠶᠢᠨ ᠰᠠᠭᠤᠷᠢ ᠯᠠᠪᠲᠠᠢ ᠨᠡᠩ ᠪᠠᠲᠤ ᠪᠠᠬᠢ ᠪᠤᠯᠬᠤ ᠶᠤᠮ᠃ | | |