ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠴᠢᠳᠠᠮᠠᠭᠠᠢ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠤᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2025/5/14
    ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ︽ᠡᠭᠦᠷᠢᠳᠡ ᠵᠣᠭᠰᠣᠰᠢ ᠦᠭᠡᠢ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠤᠳᠤᠷᠢᠳᠬᠤ ᠺᠠᠳ᠋ᠷᠴᠤᠳ ᠤᠨ ᠥᠪᠡᠷ ᠤᠨ ᠪᠡᠶ᠎ᠡ ᠪᠠᠷ ᠢᠶᠠᠨ ᠨᠠᠮ ᠤᠨ ᠲᠥᠯᠥᠭᠡ ᠵᠢᠳᠬᠦᠵᠦ᠂ ᠥᠷᠯᠥᠭᠡ ᠦᠳᠡᠰᠢ ᠶᠢ ᠲᠡᠮᠡᠴᠡᠨ ᠠᠯᠪᠠᠨ ᠤ ᠲᠥᠯᠥᠭᠡ ᠵᠢᠳᠬᠦᠬᠦ ᠰᠤᠷᠲᠠᠯ ᠢ ᠤᠯᠠᠮ ᠨᠢᠭᠡ ᠠᠯᠬᠤᠮ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠢᠪᠬᠤᠭ᠎ᠠ ᠪᠠᠷ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠤᠯᠭᠠᠬᠤ ᠬᠡᠷᠡᠭᠲᠡᠢ᠃     ᠺᠠᠳ᠋ᠷᠴᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠯ ᠤᠯᠤᠰ ᠲᠦᠷᠦ ᠶᠢᠨ ᠬᠡᠪ ᠰᠤᠷᠲᠠᠯ ᠪᠤᠯᠬᠤ ᠮᠥᠷᠲᠡᠭᠡᠨ ᠪᠠᠰᠠ ᠴᠤ ᠵᠠᠰᠠᠭ ᠶᠠᠪᠤᠭᠤᠯᠬᠤ ᠡᠭᠦᠷᠭᠡ ᠬᠠᠷᠢᠭᠤᠴᠠᠯᠭ᠎ᠠ ᠮᠥᠨ᠃ ᠭᠡᠲᠡᠯ᠎ᠡ ᠣᠳᠣᠬᠠᠨ ᠳᠤ ᠵᠠᠷᠢᠮ ᠺᠠᠳ᠋ᠷᠴᠤᠳ ᠤᠨ ᠬᠤᠪᠢᠰᠬᠠᠯᠲᠤ ᠵᠣᠷᠢᠭ ᠰᠠᠨᠠᠭ᠎ᠠ ᠰᠤᠯᠠᠷᠠᠨ᠂ ᠣᠳᠣᠬᠢ ᠪᠠᠶᠢᠳᠠᠯ ᠳᠠᠭᠠᠨ ᠰᠡᠳᠬᠢᠯ ᠬᠠᠨᠤᠨ᠂ ᠠᠯᠪᠠ ᠬᠠᠰᠢᠵᠤ ᠠᠷᠭᠠᠯᠠᠨ ᠥᠩᠭᠡᠷᠡᠭᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠨ ᠴᠢᠷᠮᠠᠶᠢᠬᠤ ᠦᠭᠡᠢ ᠪᠠᠶᠢᠬᠤ  ᠨᠢ ᠣᠯᠠᠨ ᠲᠦᠮᠡᠨ ᠤ ᠳᠤᠷ᠎ᠠ ᠦᠭᠡᠶᠢᠴᠡᠯ ᠢ ᠶᠡᠬᠡᠳᠡ ᠬᠦᠷᠭᠡᠵᠦ ᠪᠠᠶᠢᠬᠤ ᠪᠠᠷ ᠪᠠᠷᠠᠬᠤ ᠦᠭᠡᠢ ᠨᠠᠮ ᠪᠠ ᠵᠠᠰᠠᠭ ᠤᠨ ᠣᠷᠳᠣᠨ ᠤ ᠳᠦᠷᠢ ᠲᠥᠷᠬᠦ ᠶᠢ ᠴᠦ ᠬᠤᠬᠢᠷᠠᠭᠤᠯᠵᠤ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠠᠪᠤᠴᠠ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷᠴᠤᠳ ᠤᠨ ᠠᠵᠢᠯ ᠶᠠᠪᠤᠳᠠᠯ ᠬᠢᠬᠦ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠮᠥᠨ᠃    ᠺᠠᠳ᠋ᠷ ᠪᠣᠯᠣᠭᠰᠠᠳ ᠡᠷᠬᠡᠪᠰᠢ ᠲᠦᠷᠦᠭᠦᠯᠡᠨ ᠬᠢᠬᠦ ᠬᠡᠷᠡᠭᠲᠡᠢ᠃ ᠬᠡᠰᠡᠭ ᠬᠤᠭᠤᠴᠠᠭᠠᠨ ᠤ ᠲᠤᠷᠰᠢ᠂ ︽ᠠᠵᠢᠯ ᠶᠠᠪᠤᠳᠠᠯ ᠬᠢᠬᠦ ᠦᠭᠡᠢ ᠠᠴᠠ ᠪᠢᠰᠢ᠂ ᠤᠴᠢᠷ ᠶᠠᠪᠤᠳᠠᠯ ᠭᠠᠷᠭᠠᠵᠤ ᠪᠤᠯᠬᠤ ᠦᠭᠡᠢ︾᠂ ︽ᠬᠦᠴᠢᠷ ᠲᠤᠯᠭᠠᠷᠠᠪᠠᠯ ᠵᠠᠶᠢᠯᠠᠵᠤ᠂ ᠪᠡᠷᠬᠡ ᠰᠡᠳᠦᠪ ᠢ ᠳᠡᠭᠡᠭᠰᠢ ᠲᠤᠰᠢᠶᠠᠵᠤ︾᠂ ᠵᠠᠷᠢᠮ ᠺᠠᠳ᠋ᠷᠴᠤᠳ ᠤᠨ ᠪᠡᠶ᠎ᠡ ᠳᠡᠭᠡᠷ᠎ᠡ ᠬᠤᠶᠢᠷᠭᠤ ᠪᠠᠶᠢᠳᠠᠯ ᠢᠯᠡᠷᠡᠵᠡᠢ᠃ ᠡᠶᠢᠮᠦᠷᠬᠦᠦ ᠨᠠᠵᠠᠭᠠᠶᠢᠷᠠᠬᠤ ᠪᠤᠳᠤᠯ ᠤᠨ ᠦᠨᠳᠦᠰᠦ ᠰᠤᠷᠪᠤᠯᠵᠢ ᠨᠢ ᠨᠠᠮᠴᠢ ᠴᠢᠨᠠᠷ ᠤᠨ ᠪᠣᠯᠪᠠᠰᠤᠷᠠᠯ ᠢᠶᠠᠷ ᠳᠤᠲᠠᠮᠠᠭ ᠪᠠᠶᠢᠬᠤ ᠳᠤ ᠣᠷᠣᠰᠢᠨ᠎ᠠ᠃ ᠵᠥᠷᠢᠴᠡᠯ ᠲᠤᠯᠭᠠᠷᠠᠪᠠᠯ ᠠᠶᠤᠨ ᠪᠠᠯᠢᠳᠠᠵᠤ᠂ ᠲᠡᠮᠡᠴᠡᠯ ᠲᠤᠯᠭᠠᠷᠠᠪᠠᠯ ᠳᠠᠬᠵᠢᠨ ᠴᠡᠴᠡᠷᠡᠬᠦ ᠨᠢ ᠬᠡᠷᠬᠢᠨ ᠡᠪ ᠬᠠᠮᠲᠤᠴᠤᠳ ᠤᠨ ᠶᠠᠩᠵᠤ ᠪᠠᠶᠢᠵᠤ ᠪᠤᠯᠬᠤ ᠪᠤᠢ︕ ᠺᠠᠳ᠋ᠷ ᠨᠢᠭᠡᠪᠦᠷᠢ ᠴᠥᠮ ᠤᠶᠤᠨ ᠰᠠᠨᠠᠭᠠᠨ ᠤ ᠭᠦᠨ ᠠᠴᠠ ᠪᠠᠨ ︽ᠪᠢ ᠬᠡᠨ ᠪᠤᠢ᠂ ᠬᠡᠨ ᠤ ᠲᠥᠯᠥᠭᠡ ᠪᠤᠢ᠂ ᠬᠡᠨ ᠢ ᠲᠦᠰᠢᠭᠯᠡᠬᠦ ᠪᠤᠢ︾ ᠭᠡᠬᠦ ᠦᠨᠳᠦᠰᠦᠨ ᠠᠰᠠᠭᠤᠳᠠᠯ ᠢ ᠰᠠᠶᠢᠲᠤᠷ ᠪᠣᠳᠣᠯᠬᠢᠯᠠᠵᠤ᠂ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠥᠰᠥ ᠵᠣᠷᠢᠭ ᠢᠶᠠᠨ ᠳᠠᠪᠲᠠᠨ ᠪᠤᠯᠪᠠᠰᠤᠷᠠᠭᠤᠯᠵᠤ ᠂ ᠬᠥᠳᠡᠯᠭᠡᠬᠦ ᠬᠦᠴᠦᠨ ᠢᠶᠠᠨ ᠬᠥᠭᠵᠢᠭᠡᠬᠦ ᠬᠡᠷᠡᠭᠲᠡᠢ᠃    ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷᠴᠤᠳ ᠤᠨ ᠤᠯᠤᠰ ᠲᠦᠷᠦ ᠶᠢᠨ ᠬᠡᠪ ᠰᠤᠷᠲᠠᠯ ᠤᠨ ᠢᠯᠡᠷᠡᠯ ᠮᠥᠨ᠃ ᠬᠡᠷᠪᠡ ᠬᠠᠷᠢᠭᠤᠴᠠᠯᠭ᠎ᠠ ᠡᠭᠦᠷᠭᠡᠯᠡᠬᠦ ᠳᠤᠷᠠᠲᠠᠢ ᠡᠰᠡᠬᠦ ᠳᠤ ᠵᠢᠭᠠᠬᠠᠨ ᠴᠢᠳᠠᠪᠤᠷᠢ ᠶᠢᠨ ᠬᠦᠴᠦᠨ ᠵᠦᠢᠯ ᠪᠠᠶᠢᠨ᠎ᠠ ᠭᠡᠵᠦ ᠬᠡᠯᠡᠬᠦ ᠳᠤ ᠭᠦᠷᠪᠡᠯ᠂ ᠬᠠᠷᠢᠭᠤᠴᠠᠯᠭ᠎ᠠ ᠡᠭᠦᠷᠭᠡᠯᠡᠬᠦ ᠵᠣᠷᠢᠭᠲᠠᠢ ᠡᠰᠡᠬᠦ ᠨᠢ ᠳᠠᠷᠤᠢ ᠤᠯᠤᠰ ᠲᠥᠷᠥ ᠶᠢᠨ ᠬᠡᠪ ᠰᠤᠷᠲᠠᠯ ᠢ ᠵᠢᠭᠠᠵᠤ ᠪᠠᠶᠢᠨ᠎ᠠ᠃ ᠵᠣᠷᠢᠭᠲᠠᠢ ᠬᠠᠷᠢᠭᠤᠴᠠᠵᠤ᠂ ᠵᠣᠷᠢᠭᠲᠠᠢ ᠡᠭᠦᠷᠭᠡᠯᠡᠵᠦ ᠴᠢᠳᠠᠬᠤ ᠡᠰᠡᠬᠦ ᠠᠴᠠ ᠨᠢᠭᠡᠨ ᠺᠠᠳ᠋ᠷ ᠤᠨ ᠨᠠᠮᠴᠢ ᠴᠢᠨᠠᠷ ᠪᠠ ᠰᠤᠷᠲᠠᠯ ᠢ ᠬᠠᠮᠤᠭ ᠠᠴᠠ ᠲᠣᠳᠣ ᠣᠯᠵᠤ ᠬᠠᠷᠠᠵᠤ ᠴᠢᠳᠠᠨ᠎ᠠ᠃ ᠡᠪ ᠬᠠᠮᠲᠤ ᠨᠠᠮ ᠤᠨ ᠺᠠᠳ᠋ᠷ ᠪᠣᠯ ᠳᠠᠷᠤᠢ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠠᠷ ᠵᠣᠷᠢᠯᠲᠠ ᠪᠠ ᠲᠤᠰᠤᠯᠲᠠ ᠪᠠᠨ ᠪᠤᠯᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃    ᠴᠢᠳᠠᠮᠠᠭᠠᠢ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷᠴᠤᠳ ᠤᠨ ᠪᠤᠳᠤᠯᠢᠶᠠᠨᠲᠠᠢ ᠠᠰᠠᠭᠤᠳᠠᠯ ᠢ ᠡᠵᠡᠮᠳᠡᠬᠦ ᠴᠢᠳᠠᠪᠤᠷᠢ ᠮᠥᠨ᠃ ᠭᠠᠳᠠᠭᠠᠳᠤ ᠶᠢᠨ ᠳᠠᠷᠤᠯᠲᠠ ᠶᠡᠬᠡᠰᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠲᠦᠪᠡᠭ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠤᠳᠤᠷᠢᠳᠬᠤ ᠺᠠᠳ᠋ᠷᠴᠤᠳ ᠡᠷᠬᠡᠪᠰᠢ ᠨᠡᠪᠲᠡ ᠠᠵᠢᠭᠯᠠᠬᠤ ᠴᠢᠳᠠᠪᠤᠷᠢ᠂ ᠤᠷᠢᠳᠴᠢᠯᠠᠨ ᠮᠡᠳᠡᠬᠦ ᠴᠢᠳᠠᠪᠤᠷᠢ᠂ ᠲᠠᠰᠤᠯᠤᠨ ᠲᠣᠭᠲᠠᠭᠠᠬᠤ ᠴᠢᠳᠠᠪᠤᠷᠢ᠂ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠵᠤ᠂ ᠠᠰᠠᠭᠤᠳᠠᠯ ᠳᠤ ᠰᠢᠭᠤᠳ ᠬᠠᠨᠳᠤᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠢᠳᠡᠪᠬᠢᠲᠡᠢ ᠠᠷᠭᠠᠴᠠᠭᠠᠬᠤ ᠮᠥᠷᠲᠡᠭᠡᠨ ᠪᠠᠰᠠ ᠲᠠᠷᠢᠬᠢ ᠲᠣᠯᠣᠭᠠᠢ ᠰᠡᠷᠭᠡᠭ ᠪᠠᠶᠢᠵᠤ᠂ ᠪᠣᠳᠠᠲᠠᠢ ᠶᠢ ᠡᠷᠬᠢᠮᠯᠡᠨ ᠯᠠᠪᠳᠠᠭᠤᠨ ᠲᠣᠭᠲᠠᠭᠤᠨ ᠪᠠᠶᠢᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠶᠠᠪᠤᠳᠠᠯ ᠪᠦᠭᠦᠨ ᠢ ᠡᠷᠬᠡᠪᠰᠢ ᠰᠠᠶᠢᠲᠤᠷ ᠡᠬᠢᠯᠡᠭᠦᠯᠵᠦ ᠰᠠᠶᠢᠲᠤᠷ ᠲᠡᠭᠦᠰᠬᠡᠵᠦ᠂ ᠰᠠᠶᠢᠲᠤᠷ ᠬᠢᠵᠦ ᠰᠠᠶᠢᠲᠤᠷ ᠪᠦᠲᠦᠭᠡᠬᠦ ᠬᠡᠷᠡᠭᠲᠡᠢ᠃    ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠴᠢᠳᠠᠮᠠᠭᠠᠢ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠤᠯᠭᠠᠬᠤ ᠳᠤ᠂ ᠺᠠᠳ᠋ᠷ ᠤᠨ ᠳᠣᠲᠣᠭᠠᠳᠤ ᠰᠢᠯᠲᠠᠭᠠᠨ ᠢᠶᠠᠷ ᠬᠥᠳᠡᠯᠭᠡᠭᠦᠷ ᠪᠤᠯᠭᠠᠬᠤ ᠳᠤ ᠲᠦᠰᠢᠭᠯᠡᠬᠦ ᠪᠠᠷ ᠪᠠᠷᠠᠬᠤ ᠦᠭᠡᠢ ᠪᠠᠰᠠ ᠭᠠᠳᠠᠭᠠᠳᠤ ᠰᠢᠯᠲᠠᠭᠠᠨ ᠤ ᠠᠬᠢᠭᠤᠯᠬᠤ ᠦᠢᠯᠡᠳᠦᠯ ᠢ ᠴᠦ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠺᠠᠳ᠋ᠷ ᠢ ᠬᠢᠨᠠᠨ ᠰᠢᠯᠭᠠᠬᠤ ᠪᠠ ᠳᠡᠪᠰᠢᠭᠦᠯᠦᠨ ᠬᠡᠷᠡᠭᠯᠡᠬᠦ ᠶᠠᠪᠤᠴᠠ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠡᠵᠡᠯᠡᠴᠡ ᠶᠢ ᠨᠡᠮᠡᠭᠳᠡᠭᠦᠯᠵᠦ᠂ ᠥᠭᠡᠷᠡᠴᠢᠯᠡᠯᠲᠡ ᠶᠢᠨ ᠠᠯᠳᠠᠭ᠎ᠠ ᠪᠤᠷᠤᠭᠤ ᠶᠢ ᠪᠠᠭᠲᠠᠭᠠᠬᠤ ᠪᠠ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠢᠯᠡ ᠲᠣᠳᠣ ᠪᠠᠷ ︽ᠳᠡᠪᠰᠢᠭᠦᠯᠬᠦ︾᠂ ᠡᠷᠡᠰ ᠰᠢᠭᠤᠷᠬᠠᠢ ᠪᠠᠷ ︽ᠪᠠᠭᠤᠯᠭᠠᠬᠤ︾᠂ ᠵᠣᠷᠢᠭᠲᠠᠢ ᠪᠠᠷ ︽ᠪᠠᠭᠲᠠᠭᠠᠬᠤ︾ ᠶᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠤᠳᠤᠷᠢᠳᠤᠮᠵᠢ ᠶᠢ ᠪᠤᠢ ᠪᠤᠯᠭᠠᠬᠤ ᠬᠡᠷᠡᠭᠲᠡᠢ᠃   
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ