ᠰᠤᠷᠲᠠᠯ ᠢ ᠴᠡᠭᠴᠡᠯᠡᠬᠦ᠂ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠢᠷᠡᠯ ᠢ ᠡᠰᠡᠷᠭᠦᠴᠡᠬᠦ ᠡᠨᠡ ᠭᠤᠷᠪᠠ ᠬᠠᠷᠢᠯᠴᠠᠨ ᠨᠥᠬᠦᠴᠡᠯᠳᠦᠵᠦ᠂ ᠠᠯᠢ ᠨᠢ ᠴᠦ | ᠲᠤᠲᠠᠭᠳᠠᠵᠤ ᠪᠣᠯᠣᠰᠢ ᠦᠭᠡᠢ ᠶᠤᠮ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠨᠠᠪᠲᠠᠷᠡᠭᠦᠯᠵᠦ᠂ ︽ᠵᠡᠷᠭᠡ ᠪᠠᠷ | ᠪᠠᠶᠢᠴᠠᠭᠠᠬᠤ︾ ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ ︽ᠵᠡᠷᠭᠡ ᠪᠠᠷ ᠵᠠᠰᠠᠬᠤ︾ ᠪᠠᠷ ᠰᠤᠷᠲᠠᠯ ᠢᠯᠵᠢᠷᠡᠯ ᠤᠨ ᠨᠡᠶᠢᠲᠡᠴᠢ | ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠴᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ | ᠬᠢᠬᠦ ᠶᠢ ᠡᠷᠡᠰ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠨᠠᠮ ᠢ | ᠡᠭᠦᠷᠢᠳᠡ ᠡᠷᠡᠭᠦᠯ ᠪᠥᠭᠡᠳ ᠠᠮᠢᠵᠢᠷᠠᠯ ᠤᠨ ᠬᠦᠴᠦᠨ ᠲᠠᠢ ᠪᠠᠶᠢᠯᠭᠠᠬᠤ ᠬᠡᠷᠡᠭᠲᠡᠢ᠃ | ᠰᠤᠷᠲᠠᠯ ᠢᠯᠵᠢᠷᠡᠯ ᠤᠨ ᠠᠰᠠᠭᠤᠳᠠᠯ ᠨᠢ ᠬᠠᠷᠢᠯᠴᠠᠨ ᠲᠦᠰᠢᠯᠴᠡᠵᠦ᠂ ᠡᠬᠢ ᠨᠢᠭᠡᠲᠡᠢ ᠶᠤᠮ᠃ ᠲᠥᠪ ᠪᠤᠰᠤ ᠰᠤᠷᠲᠠᠯ ᠪᠣᠯ ᠢᠯᠵᠢᠷᠡᠯ ᠢ ᠡᠭᠦᠰᠬᠡᠬᠦ ᠥᠯᠥᠭᠡᠢ | ᠮᠥᠨ᠂ ᠢᠯᠵᠢᠷᠡᠯ ᠨᠢ ᠢᠮᠠᠭᠲᠠ ᠰᠤᠷᠲᠠᠯ ᠲᠥᠪ ᠪᠤᠰᠤ ᠠᠴᠠ ᠡᠬᠢᠯᠡᠳᠡᠭ᠃ ᠴᠥᠭᠡᠨ ᠪᠤᠰᠤ ᠨᠠᠮ ᠤᠨ ᠭᠡᠰᠢᠭᠦᠨ ᠺᠠᠳ᠋ᠷ ︽ᠨᠢᠭᠡ ᠡᠷᠢᠨ ᠤ ᠬᠤᠭᠤᠯᠠ ᠢᠳᠡᠬᠦ︾᠂ | ︽ᠨᠢᠭᠡ ᠯᠣᠩᠬᠤ ᠠᠷᠢᠬᠢ ᠤᠤᠭᠤᠬᠤ︾᠂ ︽ᠨᠢᠭᠡ ᠺᠠᠷᠲ ᠳᠤᠰᠴᠤ ᠠᠪᠬᠤ︾ ᠵᠡᠷᠭᠡ ᠠᠴᠠ ᠡᠬᠢᠯᠡᠨ ᠠᠭᠠᠵᠢᠮ ᠢᠶᠠᠷ ᠢᠯᠵᠢᠷᠡᠯ ᠤᠨ ᠭᠦᠨ ᠭᠦᠪ ᠲᠤ ᠤᠨᠠᠳᠠᠭ ᠢ | ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠰᠡᠷᠡᠮᠵᠢᠯᠡᠭᠦᠯᠦᠭᠰᠡᠨ ᠶᠤᠮ᠃ ᠭᠠᠵᠢᠭᠤ ᠰᠤᠷᠲᠠᠯ ᠨᠢ ᠢᠯᠵᠢᠷᠡᠯ ᠢ ᠤᠯᠠᠮ ᠬᠡᠴᠡᠭᠦᠳᠡᠭᠦᠯᠵᠦ᠂ ᠴᠢᠨᠠᠭᠰᠢᠯᠠᠪᠠᠯ ᠨᠢᠭᠡ ᠭᠠᠵᠠᠷ | ᠣᠷᠣᠨ ᠤ ᠬᠡᠪ ᠰᠤᠷᠲᠠᠯ ᠢ ᠮᠠᠭᠤᠳᠠᠭᠤᠯᠵᠤ᠂ ᠮᠠᠭᠤ ᠣᠷᠴᠢᠯ ᠢ ᠪᠤᠢ ᠪᠣᠯᠭᠠᠳᠠᠭ᠃ ᠰᠤᠷᠲᠠᠯ ᠢ ᠲᠥᠪ ᠪᠤᠯᠭᠠᠬᠤ ᠭᠡᠳᠡᠭ ᠪᠣᠯ ᠳᠠᠷᠤᠢ ︽ᠡᠷᠲᠡ ᠠᠴᠠ ᠠᠳᠬᠤᠵᠤ | ᠪᠠᠭ᠎ᠠ ᠠᠴᠠ ᠨᠢ ᠠᠳᠬᠤᠬᠤ︾ ᠰᠣᠨᠣᠷ ᠰᠡᠷᠡᠮᠵᠢ ᠪᠠᠷ ᠪᠠᠭ᠎ᠠ ᠳᠡᠭᠡᠷ᠎ᠡ ᠨᠢ ᠰᠡᠷᠭᠡᠶᠢᠯᠡᠵᠦ᠂ ᠮᠠᠭᠤ ᠰᠤᠷᠲᠠᠯ ᠢ ᠬᠥᠷᠥᠰᠥ ᠰᠢᠷᠣᠢ ᠪᠠᠨ ᠠᠯᠳᠠᠵᠤ᠂ ᠨᠡᠪᠲᠡᠷᠡᠬᠦ | ᠵᠠᠮ ᠢᠶᠠᠨ ᠠᠯᠳᠠᠵᠤ᠂ ᠵᠠᠬ᠎ᠠ ᠳᠡᠯᠭᠡᠭᠦᠷ ᠢᠶᠠᠨ ᠠᠯᠳᠠᠬᠤ ᠪᠤᠯᠭᠠᠬᠤ ᠶᠠᠪᠤᠳᠠᠯ ᠪᠣᠯᠣᠨ᠎ᠠ᠃ | ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ︽ᠠᠯᠠᠭᠠᠨ ᠤ ᠪᠠᠨᠰᠠ︾ ᠮᠥᠨ᠂ ᠰᠤᠷᠲᠠᠯ ᠢᠯᠵᠢᠷᠡᠯ ᠤᠨ ᠠᠰᠠᠭᠤᠳᠠᠯ ᠢ ᠬᠤᠷᠢᠭᠯᠠᠬᠤ ︽ | ᠰᠡᠷᠭᠡᠶᠢᠯᠡᠯᠲᠡ ᠶᠢᠨ ᠬᠡᠷᠡᠮ︾ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠨᠢ ᠭᠠᠵᠢᠭᠤ ᠰᠤᠷᠲᠠᠯ ᠢ ᠴᠢᠷᠴᠦ ᠭᠠᠷᠭᠠᠨ᠂ ᠢᠯᠵᠢᠷᠡᠯ ᠤᠨ ᠦᠢᠯᠡ ᠠᠵᠢᠯᠯᠠᠭ᠎ᠠ ᠳᠤ ᠴᠣᠬᠢᠯᠲᠠ | ᠥᠭᠴᠦ ᠪᠠᠶᠢᠭ᠎ᠠ ᠶᠠᠪᠤᠳᠠᠯ ᠶᠤᠮ᠃ ᠨᠠᠮ ᠤᠨ ᠭᠡᠰᠢᠭᠦᠨ ᠺᠠᠳ᠋ᠷ ᠬᠤᠪᠢ ᠬᠥᠮᠥᠨ ᠭᠡᠰᠡᠨ ᠦᠭᠡᠢ᠂ ᠪᠠᠶᠢᠭᠤᠯᠭ᠎ᠠ ᠨᠢᠭᠡᠴᠢ ᠬᠠᠮᠲᠤ ᠭᠡᠰᠡᠨ ᠦᠭᠡᠢ᠂ ᠰᠠᠬᠢᠯᠭ᠎ᠠ | ᠪᠠᠲᠤ ᠶᠢᠨ ᠤᠬᠠᠮᠰᠠᠷ ᠴᠢᠩᠭ᠎ᠠ ᠪᠢᠰᠢ ᠪᠣᠯ ᠠᠵᠠ ᠬᠠᠷᠠᠬᠤ ᠪᠤᠳᠤᠯ ᠣᠷᠣᠵᠤ᠂ ᠰᠤᠷᠲᠠᠯ ᠢᠯᠵᠢᠷᠡᠯ ᠤᠨ ᠠᠰᠠᠭᠤᠳᠠᠯ ᠲᠣᠯᠣᠭᠠᠢ ᠥᠨᠳᠡᠶᠢᠬᠦ ᠪᠣᠯᠣᠨ᠎ᠠ᠃ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠨᠢ ᠵᠦᠪᠭᠡᠨ ᠰᠤᠷᠤᠯᠴᠠᠬᠤ᠂ ᠰᠤᠨᠤᠰᠬᠤ᠂ ᠦᠵᠡᠬᠦ ᠳᠡᠭᠡᠷ᠎ᠡ ᠵᠣᠭᠰᠤᠩᠭᠤᠶᠢᠷᠠᠵᠤ ᠪᠤᠯᠬᠤ ᠦᠭᠡᠢ᠂ ᠡᠷᠬᠡᠪᠰᠢ | ᠤᠯᠠᠭᠠᠨ ᠱᠤᠭᠤᠮ ᠢ ᠲᠣᠳᠣᠷᠬᠠᠢ ᠪᠤᠯᠭᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠢ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ ᠢ ᠰᠠᠬᠢᠬᠤ ᠪᠤᠯᠭᠠᠬᠤ ᠬᠡᠷᠡᠭᠲᠡᠢ᠃ ᠰᠠᠬᠢᠯᠭ᠎ᠠ | ᠪᠠᠲᠤ ᠶᠢᠨ ᠬᠤᠷᠴᠠ ᠰᠡᠯᠡᠮ᠎ᠡ ᠪᠠᠷ ︽ᠰᠤᠷᠲᠠᠯ ᠤᠨ ᠠᠰᠠᠭᠤᠳᠠᠯ ᠨᠢ ᠢᠯᠵᠢᠷᠡᠯ ᠪᠣᠯᠵᠤ ᠤᠯᠠᠷᠢᠬᠤ︾ ᠳᠠᠮᠵᠢᠭᠤᠯᠬᠤ ᠬᠡᠯᠬᠢᠶ᠎ᠡ ᠶᠢ ᠲᠠᠰᠤᠯᠵᠤ᠂ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠬᠤ ᠬᠡᠷᠡᠭᠲᠡᠢ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ᠂ ᠰᠤᠷᠲᠠᠯ᠂ ᠰᠠᠬᠢᠯᠭ᠎ᠠ | ᠪᠠᠲᠤ᠂ ᠢᠯᠵᠢᠷᠡᠯ ᠤᠨ ᠠᠰᠠᠭᠤᠳᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽ | ᠰᠤᠷᠲᠠᠯ ᠤᠨ ᠠᠰᠠᠭᠤᠳᠠᠯ ᠨᠢ ᠢᠯᠵᠢᠷᠡᠯ ᠪᠣᠯᠵᠤ ᠤᠯᠠᠷᠢᠬᠤ︾ ᠳᠤ ᠨᠢᠭᠡ ᠤᠳᠠᠭᠠᠨ ᠤ ᠰᠤᠷᠲᠠᠯ ᠤᠨ ᠶᠡᠭᠡ ᠰᠢᠯᠭᠠᠯᠲᠠ ᠬᠢᠵᠦ᠂ ᠮᠥᠨ ᠬᠦ ᠰᠠᠨᠠᠭ᠎ᠠ ᠪᠠᠨ ᠬᠤᠷᠢᠶᠠᠬᠤ | ᠦᠭᠡᠢ᠂ ᠭᠠᠷ ᠢᠶᠠᠨ ᠲᠠᠲᠠᠬᠤ ᠦᠭᠡᠢ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤᠮᠳᠠ ᠠᠴᠠ ᠠᠰᠢᠭ ᠲᠤᠰᠠ ᠶᠢᠨ ᠬᠡᠯᠬᠢᠶ᠎ᠡ ᠶᠢ | ᠭᠦᠨᠵᠡᠭᠡᠢ ᠠᠭᠤᠳᠠᠯᠵᠤ᠂ ᠢᠯᠵᠢᠷᠡᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠭᠡᠷᠡᠭᠲᠡᠶ ; ᠪᠠᠰᠠ ︽ᠢᠯᠵᠢᠷᠡᠯ ᠢ ᠪᠠᠶᠢᠴᠠᠭᠠᠨ ᠰᠢᠢᠳᠪᠦᠷᠢᠯᠡᠬᠦ ᠪᠠᠷ | ᠰᠤᠷᠲᠠᠯ ᠢ ᠴᠡᠭᠴᠡᠯᠡᠨ ᠵᠠᠰᠠᠬᠤ︾᠂ ᠢᠯᠵᠢᠷᠡᠯ ᠪᠠᠶᠢᠪᠠᠯ ᠵᠠᠪᠠᠯ ᠡᠰᠡᠷᠭᠦᠴᠡᠬᠦ᠂ ᠱᠠᠮᠰᠢᠯ ᠪᠠᠶᠢᠪᠠᠯ ᠵᠠᠪᠠᠯ ᠠᠷᠢᠯᠭᠠᠬᠤ ᠶᠢ ᠪᠠᠷᠢᠮᠲᠠᠯᠠᠵᠤ᠂ ᠬᠤᠷᠢᠭᠠᠲᠤ ᠣᠷᠣᠨ ᠦᠭᠡᠢ᠂ | ᠪᠦᠭᠦᠨ ᠢ ᠬᠠᠮᠤᠷᠬᠤ᠂ ᠤᠬᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ︽ᠪᠠᠷᠰ︾᠂ ︽ᠢᠯᠠᠭ᠎ᠠ︾ ᠶᠢ ᠵᠡᠷᠭᠡ ᠪᠠᠷ ᠴᠣᠬᠢᠵᠤ᠂ ᠢᠯᠵᠢᠷᠡᠯ ᠤᠨ | ᠦᠵᠡᠭᠳᠡᠯ ᠳᠤ ᠦᠷᠭᠦᠯᠵᠢᠯᠡᠨ ᠴᠢᠩᠭ᠎ᠠ ᠳᠠᠷᠤᠯᠲᠠ ᠦᠵᠡᠭᠦᠯᠭᠦ ᠪᠠᠶᠢᠳᠠᠯ ᠢ ᠪᠠᠲᠤᠯᠠᠵᠤ᠂ ᠬᠦᠴᠦᠲᠡᠢ ᠰᠦᠷᠳᠡᠭᠦᠯᠦᠯ ᠢ ᠪᠤᠢ ᠪᠤᠯᠭᠠᠬᠤ ᠬᠡᠷᠡᠭᠲᠡᠢ᠃ ᠰᠤᠷᠲᠠᠯ ᠢ | ᠴᠡᠭᠴᠡᠯᠡᠨ ︽ᠬᠠᠰᠢᠯᠭ᠎ᠠ ᠪᠣᠰᠬᠠᠵᠤ︾᠂ ᠰᠢᠯᠢᠳᠡᠭ ᠰᠤᠷᠲᠠᠯ ᠢᠶᠠᠷ ᠬᠥᠲᠥᠯᠥᠨ ᠳᠠᠭᠠᠭᠤᠯᠬᠤ ᠭᠡᠷᠡᠭᠲᠡᠶ ; ᠰᠠᠬᠢᠯᠭ᠎ᠠ ᠪᠠᠲᠤ ᠶᠢ ᠴᠢᠩᠳᠠᠯᠠᠨ ︽ᠬᠠᠰᠢᠯᠭ᠎ᠠ ᠶᠢ | ᠪᠠᠬᠢᠯᠡᠵᠦ︾᠂ ᠰᠠᠬᠢᠯᠭ᠎ᠠ ᠪᠠᠲᠤ ᠶᠢ ᠴᠢᠩᠳᠠᠯᠠᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ; ᠢᠯᠵᠢᠷᠡᠯ ᠢ ᠡᠰᠡᠷᠭᠦᠴᠡᠨ ︽ᠨᠦᠯᠦᠮᠡᠯ ᠢ ᠠᠷᠢᠯᠭᠠᠵᠤ︾᠂ ᠢᠯᠵᠢᠷᠡᠯ ᠢ | ᠡᠰᠡᠷᠭᠦᠴᠡᠵᠦ ᠮᠠᠭᠤ ᠶᠢ ᠰᠢᠢᠳᠬᠡᠬᠦ ᠪᠠᠷ ᠬᠠᠷᠰᠢ ᠰᠠᠭᠠᠳ ᠢ ᠠᠷᠢᠯᠭᠠᠬᠤ ᠬᠡᠷᠡᠭᠲᠡᠢ ᠁ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠦᠬᠦᠯᠢ ᠴᠣᠭᠴᠠ ᠶᠢᠨ ᠰᠡᠳᠬᠢᠬᠦᠢ ᠶᠢ ᠪᠤᠢ ᠪᠤᠯᠭᠠᠵᠤ᠂ ᠰᠢᠰᠲ᠋ᠧᠮ ᠤᠨ ᠦᠵᠡᠯᠲᠡ ᠶᠢ ᠴᠢᠩᠭᠠᠳᠬᠠᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠭᠠᠵᠢᠭᠤ ᠰᠤᠷᠲᠠᠯ ᠢ ᠠᠷᠢᠯᠭᠠᠵᠤ᠂ ᠰᠤᠷᠲᠠᠯ ᠢᠯᠵᠢᠷᠡᠯ ᠤᠨ ᠠᠰᠠᠭᠤᠳᠠᠯ ᠢ ᠳᠠᠯᠳᠠᠯᠠᠬᠤ ᠭᠠᠵᠠᠷ ᠦᠭᠡᠢ | ᠪᠤᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠢ ᠬᠠᠮᠠᠭᠠᠯᠠᠬᠤ ᠬᠡᠷᠡᠭᠲᠡᠢ᠃ | |