ᠤᠳᠤᠷᠢᠳᠬᠤ ᠺᠠᠳ᠋ᠷᠴᠤᠳ ᠰᠠᠶᠢᠲᠤᠷ ᠲᠦᠷᠦᠭᠦᠯᠡᠨ ᠬᠢᠬᠦ ᠪᠣᠯ ᠲᠠᠭᠤᠨ ᠦᠭᠡᠢ ᠦᠯᠢᠭᠡᠷ ᠳᠠᠭᠤᠷᠢᠶᠠᠯ ᠮᠥᠨ
ᠨᠡᠶᠢᠲᠡᠯᠡᠭᠰᠡᠨ ᠴᠠᠭ᠄
2025/5/14
    ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠵᠠᠩᠭᠢᠯᠠᠭ᠎ᠠ ᠨᠢ ᠤᠳᠤᠷᠢᠳᠬᠤ ᠺᠠᠳ᠋ᠷᠴᠤᠳ ᠲᠤ ᠪᠠᠶᠢᠨ᠎ᠠ᠂ ᠰᠤᠷᠲᠠᠯ ᠢ ᠰᠠᠶᠢᠵᠢᠷᠠᠭᠤᠯᠬᠤ ᠳᠤ ᠡᠷᠬᠡᠪᠰᠢ ᠳᠡᠭᠡᠳᠦ ᠱᠠᠲᠤ ᠠᠴᠠ ᠳᠣᠣᠷᠠᠳᠤ ᠱᠠᠲᠤ ᠲᠡᠶᠢᠰᠢ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢᠨ ᠳᠤᠮᠳᠠ᠂ ︽ᠳᠡᠭᠡᠳᠦ ᠱᠠᠲᠤ ᠨᠢ ᠡᠪᠡᠳᠴᠢᠯᠡᠪᠡᠯ ᠳᠣᠣᠷᠠᠳᠤ ᠱᠠᠲᠤ ᠨᠢ ᠡᠮ ᠤᠤᠭᠤᠬᠤ︾ ᠵᠡᠷᠭᠡ ᠬᠡᠯᠪᠡᠷᠢᠴᠢ ᠦᠵᠡᠯ ᠪᠦᠬᠦᠢ ᠬᠠᠰᠢ ᠶᠠᠰᠢ ᠠᠷᠭᠠᠴᠠᠭᠠᠬᠤ ᠶᠢ ᠡᠷᠡᠰ ᠰᠡᠷᠭᠡᠶᠢᠯᠡᠵᠦ᠂ ᠤᠳᠤᠷᠢᠳᠬᠤ ᠺᠠᠳ᠋ᠷ ᠭᠡᠬᠦ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠡᠷᠬᠡᠪᠰᠢ ᠦᠨᠡᠨ ᠬᠦ ᠪᠣᠳᠣᠯᠬᠢᠯᠠᠨ ᠣᠷᠣᠭᠤᠯᠬᠤ ᠬᠡᠷᠡᠭᠲᠡᠢ᠃    ᠤᠳᠤᠷᠢᠳᠬᠤ ᠺᠠᠳ᠋ᠷ ᠪᠣᠯ ᠰᠤᠷᠤᠯᠴᠠᠯᠭ᠎ᠠ ᠬᠥᠮᠦᠵᠢᠯ ᠤᠨ ᠵᠣᠬᠢᠶᠠᠨ ᠪᠠᠶᠢᠭᠤᠯᠤᠭᠴᠢ᠂ ᠠᠬᠢᠭᠤᠯᠤᠭᠴᠢ᠂ ᠬᠢᠨᠠᠯᠲᠠ ᠲᠠᠯᠪᠢᠭᠴᠢ ᠪᠤᠯᠬᠤ ᠪᠠᠷ ᠪᠠᠷᠠᠬᠤ ᠦᠭᠡᠢ ᠨᠡᠩ ᠴᠤ ᠲᠦᠷᠦᠭᠦᠯᠡᠨ ᠣᠷᠣᠯᠴᠠᠭᠴᠢ ᠮᠥᠨ᠃ ᠡᠨᠡ ᠬᠦ ᠳᠠᠭᠠᠭᠤᠯᠤᠭᠴᠢ ᠪᠣᠯ ᠪᠣᠳᠠᠲᠠᠢ ᠪᠠᠶᠢᠵᠤ ᠬᠠᠷᠢᠨ ᠬᠡᠶᠢᠰᠪᠦᠷᠢ ᠪᠢᠰᠢ᠂ ᠪᠦᠭᠦ ᠲᠠᠯ᠎ᠠ ᠶᠢᠨ ᠪᠠᠶᠢᠵᠤ ᠬᠠᠷᠢᠨ ᠰᠣᠩᠭᠤᠯᠲᠠ ᠲᠠᠢ ᠪᠢᠰᠢ᠂ ᠢᠮᠠᠭᠲᠠ ᠶᠢᠨ ᠪᠠᠶᠢᠵᠤ ᠬᠠᠷᠢᠨ ᠬᠠᠰᠢ ᠶᠠᠰᠢ ᠪᠠᠷ ᠳᠠᠭᠤᠰᠬᠠᠬᠤ ᠪᠢᠰᠢ᠃ ᠡᠨᠡ ᠬᠦ ᠳᠠᠭᠠᠭᠤᠯᠤᠭᠴᠢ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠮᠥᠷᠲᠡᠭᠡᠨ ᠨᠡᠩ ᠴᠤ ᠪᠡᠶ᠎ᠡ ᠪᠠᠷ ᠢᠶᠠᠨ ᠣᠷᠤᠯᠴᠠᠬᠤ ᠭᠡᠷᠡᠭᠲᠡᠶ ; ᠪᠢᠴᠢᠭ ᠮᠠᠲ᠋ᠧᠷᠢᠶᠠᠯ ᠪᠠᠭᠤᠯᠭᠠᠵᠤ ᠣᠪᠣᠷ ᠢᠶᠠᠨ ᠢᠯᠡᠳᠬᠡᠬᠦ ᠮᠥᠷᠲᠡᠭᠡᠨ ᠨᠠᠩ ᠴᠤ ᠠᠵᠢᠯᠯᠠᠭ᠎ᠠ ᠠᠪᠴᠤ ᠨᠠᠶᠢᠳᠠᠪᠤᠷᠢᠵᠢᠭᠤᠯᠬᠤ ᠬᠡᠷᠡᠭᠲᠡᠢ ᠭᠡᠰᠡᠨ ᠢ ᠬᠠᠷᠠᠭᠤᠯᠵᠤ ᠪᠠᠶᠢᠨ᠎ᠠ᠃ ᠤᠳᠤᠷᠢᠳᠬᠤ ᠺᠠᠳ᠋ᠷᠴᠤᠳ ᠦᠨᠡᠨ ᠬᠦ ᠲᠦᠷᠦᠭᠦᠯᠡᠨ ᠰᠠᠨᠠᠯ ᠰᠣᠨᠣᠰᠴᠤ᠂ ᠠᠰᠠᠭᠤᠳᠠᠯ ᠢ ᠲᠦᠷᠦᠭᠦᠯᠡᠨ ᠡᠷᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠦᠷᠦᠭᠦᠯᠡᠨ ᠥᠷᠨᠢᠭᠦᠯᠵᠦ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠪᠣᠯ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠭᠠᠷᠭᠠᠬᠤ᠂ ᠦᠷ᠎ᠡ ᠪᠦᠳᠦᠮᠵᠢ ᠣᠯᠬᠤ ᠶᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠠ ᠭᠠᠷᠳᠠᠴᠠ ᠮᠥᠨ᠃    ᠤᠳᠤᠷᠢᠳᠬᠤ ᠺᠠᠳ᠋ᠷᠴᠤᠳ ᠲᠦᠷᠦᠭᠦᠯᠡᠨ ᠬᠢᠬᠦ ᠨᠢ ᠡᠩ ᠲᠡᠷᠢᠭᠦᠨ ᠳᠤ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠲᠠᠢ ᠤᠬᠠᠮᠰᠠᠷ ᠠᠴᠠ ᠪᠠᠨ ᠲᠡᠮᠡᠴᠡᠯ ᠬᠢᠬᠦ ᠳᠡᠭᠡᠷ᠎ᠡ ᠢᠯᠡᠷᠡᠳᠡᠭ᠃ ᠣᠨᠴᠠ ᠡᠷᠬᠡ ᠪᠣᠯ ᠲᠦᠢᠯ ᠤᠨ ᠶᠡᠭᠡ ᠬᠤᠣᠷ ᠬᠥᠨᠥᠭᠡᠯ ᠲᠠᠢ ᠨᠢᠭᠡ ᠵᠦᠢᠯ ᠤᠨ ᠢᠯᠵᠠᠷᠠᠭᠤᠯᠤᠭᠴᠢ ᠡᠳ᠋ ᠮᠥᠨ᠂ ᠬᠠᠮᠤᠭ ᠤᠨ ᠶᠡᠭᠡ ᠭᠤᠣᠯᠴᠢ ᠪᠤᠰᠤ ᠵᠦᠢᠯ ᠮᠥᠨ᠃ ᠤᠳᠤᠷᠢᠳᠬᠤ ᠺᠠᠳ᠋ᠷᠴᠤᠳ ᠡᠷᠬᠡᠪᠰᠢ ᠠᠵᠠ ᠬᠠᠷᠠᠬᠤ᠂ ᠲᠠᠶᠢᠪᠤᠰᠢᠷᠠᠬᠤ᠂ ᠤᠯᠠᠨ ᠢ ᠲᠠᠭᠠᠬᠤ᠂ ᠲᠡᠩᠴᠡᠭᠦᠷᠢ ᠪᠠᠨ ᠠᠯᠳᠠᠬᠤ ᠵᠡᠷᠭᠡ ᠪᠤᠷᠤᠭᠤ ᠪᠤᠳᠤᠯ ᠰᠡᠳᠬᠢᠯᠭᠡ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ ᠡᠷᠡᠰ ᠲᠡᠪᠴᠢᠵᠦ᠂ ᠠᠮᠢᠳᠤᠷᠠᠬᠤᠢ ᠶᠢᠨ ᠪᠠᠶᠢᠷᠢᠰᠢᠯ ᠢᠶᠠᠨ ᠴᠠᠭ ᠢᠮᠠᠭᠲᠠ ᠬᠠᠷᠭᠤᠭᠤᠯᠤᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠲᠤ ᠰᠠᠬᠢᠵᠤ᠂ ︽ᠳᠣᠲᠣᠷ᠎ᠠ ᠪᠠᠨ ᠳᠤᠷ᠎ᠠ ᠪᠠᠷ ᠢᠶᠠᠨ ᠪᠤᠳᠤᠬᠤ ᠦᠭᠡᠢ᠂ ᠭᠠᠳᠠᠨ᠎ᠠ ᠳᠤᠷ᠎ᠠ ᠪᠠᠷ ᠢᠶᠠᠨ ᠬᠥᠳᠡᠯᠬᠦ ᠦᠭᠡᠢ︾ ᠪᠠᠶᠢᠬᠤ ᠪᠠᠷ ᠪᠠᠷᠠᠬᠤ ᠦᠭᠡᠢ ᠨᠡᠩ ᠴᠤ ᠬᠢᠨᠠᠯᠲᠠ ᠬᠢᠵᠠᠭᠠᠷᠯᠠᠯ ᠢ ᠬᠦᠯᠢᠶᠡᠬᠦ ᠣᠷᠴᠢᠨ ᠲᠣᠭᠤᠷᠢᠨ ᠳᠤ ᠠᠵᠢᠯᠯᠠᠵᠤ ᠠᠮᠢᠳᠤᠷᠠᠬᠤ ᠳᠤ ᠳᠠᠳᠬᠤ ᠬᠡᠷᠡᠭᠲᠡᠢ᠃    ᠤᠳᠤᠷᠢᠳᠬᠤ ᠺᠠᠳ᠋ᠷ ᠲᠦᠷᠦᠭᠦᠯᠡᠨ ᠬᠢᠬᠦ ᠳᠤ᠂ ᠠᠯᠪᠠᠨ ᠤ ᠪᠠ ᠬᠤᠪᠢ ᠶᠢᠨ ᠬᠠᠷᠢᠴᠠᠭ᠎ᠠ ᠶᠢ ᠲᠥᠪ ᠪᠤᠯᠭᠠᠬᠤ ᠪᠣᠯ ᠰᠡᠳᠦᠪ ᠤᠨ ᠮᠥᠨ ᠴᠢᠨᠠᠷ ᠪᠣᠯᠣᠨ᠎ᠠ᠃ ᠵᠠᠷᠢᠮ ᠤᠳᠤᠷᠢᠳᠬᠤ ᠺᠠᠳ᠋ᠷ ᠨᠠᠮ ᠪᠠ ᠠᠷᠠᠳ ᠲᠦᠮᠡᠨ ᠤ ᠲᠡᠭᠦᠨ ᠳᠤ ᠲᠤᠰᠢᠶᠠᠭᠰᠠᠨ ᠡᠷᠬᠡ ᠶᠢ ᠬᠦᠨᠳᠦ ᠬᠠᠷᠢᠭᠤᠴᠠᠯᠭ᠎ᠠ ᠭᠡᠵᠦ ᠦᠵᠡᠬᠦ ᠦᠭᠡᠢ᠂ ᠬᠠᠷᠢᠨ ᠬᠤᠪᠢ ᠶᠢᠨ ᠡᠳ᠋ ᠬᠥᠷᠥᠩᠭᠡ ᠪᠠᠷ ᠦᠵᠡᠳᠡᠭ᠃ ᠡᠶᠢᠮᠦ ᠬᠡᠯᠪᠡᠷᠢᠯ ᠢ ᠡᠷᠬᠡᠪᠰᠢ ᠡᠪᠡᠳᠴᠢᠨ ᠲᠠᠢ ᠪᠣᠯ ᠵᠠᠰᠠᠵᠤ᠂ ᠪᠠᠶᠢᠩᠭᠤ ᠠᠳᠬᠤᠵᠤ ᠪᠠᠶᠢᠩᠭᠤ ᠵᠠᠰᠠᠬᠤ ᠬᠡᠷᠡᠭᠲᠡᠢ᠃ ᠤᠳᠤᠷᠢᠳᠬᠤ ᠺᠠᠳ᠋ᠷ ᠭᠠᠭᠴᠠ ᠬᠦ᠋‍ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠵᠦ᠂ ᠶᠠᠪᠤᠳᠠᠯ ᠪᠣᠯᠭᠠᠨ ᠳᠤ ᠨᠡᠶᠢᠲᠡ ᠶᠢᠨ ᠲᠥᠯᠥᠭᠡ ᠪᠣᠳᠣᠯᠬᠢᠯᠠᠪᠠᠯ ᠰᠠᠶ᠋ᠢ ᠵᠥᠪ ᠪᠤᠷᠤᠭᠤ ᠶᠢᠨ ᠦᠵᠡᠯᠲᠡ᠂ ᠵᠢᠷᠤᠮ ᠠᠰᠢᠭ ᠤᠨ ᠦᠵᠡᠯᠲᠡ᠂ ᠡᠷᠬᠡ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠲᠠᠢ ᠪᠣᠯᠵᠤ ᠴᠢᠳᠠᠨ᠎ᠠ᠂ ᠰᠠᠶ᠋ᠢ ᠤᠯᠠᠨ ᠲᠦᠮᠡᠨ ᠢ ᠰᠡᠳᠬᠢᠯ ᠳᠡᠭᠡᠨ ᠪᠤᠳᠤᠵᠤ᠂ ᠰᠠᠶ᠋ᠢ ᠴᠠᠭᠠᠪᠤᠷ ᠰᠢᠯᠤᠭᠤᠨ ᠬᠥᠮᠥᠨ ᠪᠣᠯᠵᠤ᠂ ᠡᠷᠬᠡ ᠪᠠᠨ ᠪᠣᠯᠭᠤᠮᠵᠢᠲᠠᠢ ᠬᠡᠷᠡᠭᠯᠡᠵᠦ ᠴᠢᠳᠠᠨ᠎ᠠ᠂ ᠰᠠᠶ᠋ᠢ ᠡᠩ ᠤᠨ ᠨᠠᠮ ᠤᠨ ᠭᠡᠰᠢᠭᠦᠨ ᠳᠤ ᠢᠯᠡ ᠲᠣᠳᠣ ᠪᠥᠭᠡᠳ ᠵᠥᠪ ᠵᠣᠭᠰᠣᠯᠲᠠ ᠶᠢᠨ ᠤᠳᠤᠷᠢᠳᠤᠮᠵᠢ ᠶᠢ ᠪᠤᠢ ᠪᠤᠯᠭᠠᠵᠤ ᠴᠢᠳᠠᠨ᠎ᠠ᠃ ᠤᠳᠤᠷᠢᠳᠬᠤ ᠺᠠᠳ᠋ᠷ ᠲᠦᠷᠦᠭᠦᠯᠡᠨ ᠬᠢᠬᠦ ᠨᠢ ᠪᠠᠰᠠ ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠠᠵᠢᠯᠯᠠᠬᠤ ᠳᠡᠭᠡᠷ᠎ᠡ ᠢᠯᠡᠷᠡᠳᠡᠭ᠃ ᠬᠡᠷᠪᠡ ᠥᠪᠡᠷ ᠢᠶᠠᠨ ᠦᠯᠢᠭᠡᠷ ᠳᠠᠭᠤᠷᠢᠶᠠᠯ ᠪᠣᠯᠵᠤ ᠴᠢᠳᠠᠬᠤ ᠦᠭᠡᠢ ᠪᠣᠯ ᠪᠤᠰᠤᠳ ᠢ ᠳᠠᠭᠠᠭᠤᠯᠵᠤ ᠴᠢᠳᠠᠬᠤ ᠦᠭᠡᠢ ; ᠬᠡᠷᠪᠡ ᠪᠡᠶ᠎ᠡ ᠪᠠᠷ ᠢᠶᠠᠨ ᠬᠡᠪ ᠳᠦᠷᠢᠮ ᠪᠣᠯᠵᠤ ᠴᠢᠳᠠᠬᠤ ᠦᠭᠡᠢ ᠪᠣᠯ ᠪᠤᠰᠤᠳ ᠢ ᠪᠢᠰᠢᠷᠡᠭᠦᠯᠵᠦ ᠴᠢᠳᠠᠬᠤ ᠦᠭᠡᠢ᠃     ︽ᠡᠮᠦᠨ᠎ᠡ ᠨᠢ ᠲᠠᠭᠠᠷᠢ ᠠ᠋︾ ᠪᠠ ︽ᠨᠠᠮ᠎ᠠ ᠶᠢ ᠲᠠᠭᠠᠭᠠᠳ ᠢᠷ᠎ᠡ︾ ᠭᠡᠰᠡᠨ ᠦᠭᠡ ᠤᠳᠬ᠎ᠠ ᠶᠢᠨ ᠲᠠᠯ᠎ᠠ ᠪᠠᠷ ᠲᠡᠭᠷᠢ ᠭᠠᠵᠠᠷ ᠤᠨ ᠵᠥᠷᠢᠶ᠎ᠡ ᠲᠠᠢ ᠶᠤᠮ᠃ ᠤᠳᠤᠷᠢᠳᠬᠤ ᠺᠠᠳ᠋ᠷ ᠰᠤᠷᠤᠯᠴᠠᠯᠭ᠎ᠠ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠪᠡᠶ᠎ᠡ ᠪᠠᠨ ᠪᠠᠶᠢᠴᠠᠭᠠᠵᠤ ᠪᠡᠶ᠎ᠡ ᠪᠠᠨ ᠲᠥᠪ ᠪᠤᠯᠭᠠᠵᠤ᠂ ᠪᠤᠳᠤᠯ ᠰᠡᠳᠬᠢᠯ ᠦᠢᠯᠡ ᠠᠵᠢᠯᠯᠠᠭ᠎ᠠ ᠪᠠᠨ ᠬᠢᠴᠢᠶᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠳᠠᠭᠠᠨ ᠣᠷᠣᠯᠴᠠᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠠᠭᠤᠰᠤᠯᠴᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠪᠠᠴᠢᠮ ᠶᠠᠪᠤᠳᠠᠯ ᠬᠦᠴᠢᠷ ᠶᠠᠪᠤᠳᠠᠯ ᠨᠠᠷᠢᠨ ᠪᠤᠳᠤᠯᠢᠶᠠᠨᠲᠠᠢ ᠶᠠᠪᠤᠳᠠᠯ ᠢ ᠵᠣᠷᠢᠭᠲᠠᠢ ᠠᠳᠬᠤᠵᠤ ᠰᠠᠶᠢᠲᠤᠷ ᠬᠠᠮᠢᠶᠠᠷᠴᠤ᠂ ᠠᠷᠠᠳ ᠤᠨ ᠲᠥᠯᠥᠭᠡ ᠪᠣᠳᠠᠲᠠᠢ ᠬᠢᠵᠦ᠂ ︽ᠵᠡᠭᠦᠦ ᠶᠢᠨ ᠦᠵᠦᠭᠦᠷ︾ ᠮᠡᠲᠦ ᠪᠠᠭ᠎ᠠ ᠶᠠᠪᠤᠳᠠᠯ ᠢᠬᠢᠷ ᠰᠢᠬᠢᠷ ᠶᠠᠪᠤᠳᠠᠯ ᠢ ᠪᠠᠲᠤ ᠰᠠᠬᠢᠬᠤ ᠬᠡᠷᠡᠭᠲᠡᠢ᠃ ᠤᠳᠤᠷᠢᠳᠬᠤ ᠺᠠᠳ᠋ᠷᠴᠤᠳ ᠵᠣᠷᠢᠭ ᠲᠠᠢ ᠪᠣᠯ ᠨᠠᠮ ᠤᠨ ᠭᠡᠰᠢᠭᠦᠳ ᠢᠲᠡᠭᠡᠯ ᠲᠠᠢ ᠪᠤᠯᠤᠨ᠎ᠠ ; ᠤᠳᠤᠷᠢᠳᠬᠤ ᠺᠠᠳ᠋ᠷ ᠦᠯᠢᠭᠡᠷ ᠳᠠᠭᠤᠷᠢᠶᠠᠯ ᠪᠣᠯᠪᠠᠯ᠂ ᠣᠯᠠᠨ ᠲᠦᠮᠡᠨ ᠤᠬᠠᠮᠰᠠᠷ ᠠᠴᠠ ᠪᠠᠨ ᠳᠠᠭᠠᠬᠤ ᠪᠣᠯᠣᠨ᠎ᠠ᠃ ᠲᠠᠭᠤᠨ ᠦᠭᠡᠢ ᠬᠡᠪ ᠳᠦᠷᠢᠮ ᠪᠣᠯ ᠳᠠᠷᠤᠢ ᠬᠠᠮᠤᠭ ᠤᠨ ᠬᠦᠴᠦᠲᠡᠢ ᠦᠯᠢᠭᠡᠷ ᠳᠠᠭᠤᠷᠢᠶᠠᠯ ᠪᠣᠯᠣᠨ᠎ᠠ︕     
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ