ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠤᠯᠠᠮᠵᠢᠯᠠᠬᠤ ᠳᠤᠮᠳᠠ ᠰᠢᠨ᠎ᠡ ᠶᠢ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2025/5/14
    ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠢ ᠣᠳᠣᠬᠠᠨ ᠤ ᠰᠣᠶᠣᠯ ᠤᠨ ᠬᠦᠷᠢᠶᠡᠨ ᠳᠠᠬᠢ ᠬᠠᠯᠠᠮᠰᠢᠯ ᠰᠡᠳᠦᠪ ᠪᠣᠯᠵᠤ ᠪᠠᠶᠢᠨ᠎ᠠ᠃ ᠺᠦᠨᠱᠠᠨ ᠳᠠᠭᠤᠷᠢᠯᠢᠭ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠳᠤ ︽ᠬᠥᠮᠥᠨ ᠲᠥᠷᠥᠯᠬᠢᠲᠡᠨ ᠤ ᠠᠮᠠᠨ ᠬᠦᠦᠷᠨᠢᠯ ᠪᠠ ᠪᠣᠳᠠᠰ ᠤᠨ ᠪᠤᠰᠤ ᠥᠪ ᠤᠨ ᠲᠥᠯᠥᠭᠡᠯᠡᠭᠴᠢ ᠪᠦᠲᠦᠭᠡᠯ︾ ᠢᠶᠠᠷ ᠰᠣᠩᠭᠤᠭᠳᠠᠭᠰᠠᠨ ᠠᠴᠠ ᠡᠬᠢᠯᠡᠨ᠂ ᠮᠠᠨ ᠤ ᠤᠯᠤᠰ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠨᠢᠭᠡᠨᠲᠡ 20 ᠭᠠᠷᠤᠢ ᠵᠢᠯ ᠥᠷᠨᠢᠭᠦᠯᠵᠦ ᠪᠠᠶᠢᠨ᠎ᠠ᠃    ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠭᠤᠣᠯᠳᠠᠯᠭ᠎ᠠ ᠨᠢ ᠤᠯᠠᠮᠵᠢᠯᠠᠬᠤ ᠳᠤ ᠪᠠᠶᠢᠨ᠎ᠠ᠃    ᠤᠯᠠᠮᠵᠢᠯᠠᠬᠤ ᠨᠢ ᠳᠥᠭᠦᠮᠬᠡᠨ ᠬᠠᠭᠤᠯᠬᠤ ᠪᠢᠰᠢ᠂ ᠬᠠᠷᠢᠨ ᠰᠣᠶᠣᠯ ᠤᠨ ᠭᠧᠨ ᠢ ᠪᠠᠲᠤᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠦᠨ ᠬᠥᠭᠵᠢᠭᠦᠯᠬᠦ ᠶᠠᠪᠤᠳᠠᠯ ᠪᠣᠯᠣᠨ᠎ᠠ᠃ ᠰᠦᠵᠧᠦ ᠶᠢᠨ ᠬᠠᠳᠬᠤᠮᠠᠯ ᠢᠶᠠᠷ ᠵᠢᠱᠢᠶᠡᠯᠡᠪᠡᠯ᠂ ᠤᠯᠠᠮᠵᠢᠯᠠᠯᠲᠤ ᠰᠦᠵᠸᠦ ᠶᠢᠨ ᠬᠠᠳᠬᠤᠮᠠᠯ ᠴᠡᠴᠡᠭ ᠰᠢᠪᠠᠭᠤ ᠬᠤᠷᠣᠬᠠᠢ ᠵᠢᠭᠠᠰᠤ ᠪᠠᠷ ᠰᠡᠳᠦᠪᠯᠡᠳᠡᠭ᠂ ᠤᠳᠤ ᠦᠶ᠎ᠡ ᠶᠢᠨ ᠰᠦᠵᠸᠦ ᠶᠢᠨ ᠬᠠᠳᠬᠤᠮᠠᠯᠴᠢᠳ ᠤᠯᠠᠮᠵᠢᠯᠠᠯᠲᠤ ᠬᠠᠳᠬᠤᠬᠤ ᠠᠷᠭ᠎ᠠ ᠳᠤ ᠰᠠᠭᠤᠷᠢᠯᠠᠨ᠂ ᠤᠳᠤ ᠦᠶ᠎ᠡ ᠶᠢᠨ ᠤᠷᠠᠯᠢᠭ ᠤᠨ ᠡᠯᠧᠮᠧᠨ᠋ᠲ ᠢ ᠠᠭᠤᠰᠬᠠᠭᠠᠳ᠂ ᠴᠠᠭ ᠦᠶ᠎ᠡ ᠶᠢᠨ ᠣᠨᠴᠠᠯᠢᠭ ᠲᠠᠢ ᠪᠦᠲᠦᠭᠡᠯ ᠢ ᠵᠣᠬᠢᠶᠠᠨ ᠪᠦᠲᠦᠭᠡᠵᠦ ᠪᠠᠶᠢᠨ᠎ᠠ᠃ ᠡᠨᠡ ᠬᠦ ᠰᠢᠨ᠎ᠡ ᠡᠭᠦᠳᠦᠯᠲᠡ ᠨᠢ ᠰᠦᠵᠸᠦ ᠶᠢᠨ ᠬᠠᠳᠬᠤᠮᠠᠯ ᠤᠨ ᠤᠯᠠᠮᠵᠢᠯᠠᠯᠲᠤ ᠥᠷᠲᠡᠭ ᠢ ᠬᠠᠳᠠᠭᠠᠯᠠᠭᠰᠠᠨ ᠢᠶᠠᠷ ᠪᠠᠷᠠᠬᠤ ᠦᠭᠡᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃    ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠤᠷᠢᠳ ᠭᠠᠷᠤᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠤᠢ᠃ ᠠᠵᠤ ᠦᠢᠯᠡᠳᠪᠦᠷᠢᠵᠢᠭᠰᠡᠨ ᠦᠢᠯᠡᠳᠪᠦᠷᠢᠯᠡᠯ ᠨᠢ ᠤᠯᠠᠮᠵᠢᠯᠠᠯᠲᠤ ᠭᠠᠷ ᠤᠷᠠᠯᠠᠯ ᠳᠤ ᠳᠠᠭᠠᠷᠢᠯᠲᠠ ᠪᠣᠯᠵᠤ᠂ ᠠᠶᠢᠵᠠᠮ ᠲᠦᠷᠭᠡᠨ ᠠᠮᠢᠳᠤᠷᠠᠯ ᠠᠴᠠ ᠪᠣᠯᠵᠤ ᠤᠯᠠᠮᠵᠢᠯᠠᠯᠲᠤ ᠲᠣᠬᠯᠠᠯᠲᠠ ᠶᠢᠨ ᠤᠷᠠᠯᠢᠭ ᠵᠠᠬ᠎ᠠ ᠳᠡᠯᠭᠡᠭᠦᠷ ᠢᠶᠠᠨ ᠠᠯᠳᠠᠭᠠᠳ᠂ ᠵᠠᠯᠠᠭᠤ ᠦᠶ᠎ᠡ ᠶᠢᠨ ᠬᠢᠨ ᠤᠯᠠᠮᠵᠢᠯᠠᠯᠲᠤ ᠰᠣᠶᠣᠯ ᠠᠴᠠ ᠡᠳᠦᠷ ᠢᠷᠡᠬᠦᠶ᠎ᠡ ᠬᠤᠯᠠᠳᠴᠤ ᠪᠠᠶᠢᠨ᠎ᠠ᠃ ᠭᠡᠪᠡᠴᠦ ᠥᠷᠢᠰᠦᠯᠳᠦᠭᠡᠨ ᠤ ᠳᠤᠮᠳᠠ ᠪᠠᠰᠠ ᠠᠵᠠ ᠲᠤᠭᠢᠶᠠᠯ ᠨᠢᠭᠤᠭᠳᠠᠵᠤ᠂ ᠲᠣᠭᠠᠴᠢᠯᠠᠭᠰᠠᠨ ᠮᠡᠷᠭᠡᠵᠢᠯ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠰᠢᠨ᠎ᠡ ᠠᠷᠭ᠎ᠠ ᠪᠠᠷᠢᠯ ᠬᠠᠩᠭᠠᠵᠤ᠂ ᠰᠣᠶᠣᠯ ᠵᠢᠭᠤᠯᠴᠢᠯᠠᠯ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤ ᠰᠢᠨ᠎ᠡ ᠣᠷᠣᠨ ᠵᠠᠢ ᠭᠠᠷᠭᠠᠨ᠂ ᠰᠣᠶᠣᠯ ᠤᠨ ᠪᠦᠲᠦᠭᠡᠯᠴᠢ ᠠᠵᠤ ᠦᠢᠯᠡᠰ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃    ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠪᠦᠭᠦ ᠨᠡᠶᠢᠭᠡᠮ ᠢᠶᠠᠷ ᠢᠶᠠᠨ ᠣᠷᠤᠯᠴᠠᠬᠤ ᠴᠢᠬᠤᠯᠠ ᠲᠠᠢ᠃ ᠵᠠᠰᠠᠭ ᠤᠨ ᠣᠷᠳᠣᠨ ᠬᠠᠮᠠᠭᠠᠯᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠠᠵᠤ ᠠᠬᠤᠶᠢᠯᠠᠯ ᠠᠵᠤ ᠦᠢᠯᠡᠰᠴᠢᠯᠡᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠤᠯᠠᠮᠵᠢᠯᠠᠭᠴᠢ ᠰᠣᠶᠣᠯ ᠤᠨ ᠦᠨᠡᠨ ᠮᠥᠨ ᠢ ᠪᠠᠲᠤ ᠰᠠᠬᠢᠨ᠂ ᠣᠯᠠᠨ ᠨᠡᠶᠢᠲᠡ ᠪᠠᠷ ᠢᠶᠠᠨ ᠰᠣᠶᠣᠯ ᠤᠨ ᠤᠬᠠᠮᠰᠠᠷ ᠢ ᠪᠤᠢ ᠪᠤᠯᠭᠠᠬᠤ ᠬᠡᠷᠡᠭᠲᠡᠢ᠃ ᠭᠠᠭᠴᠠ ᠬᠦ ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠪᠡᠯ ᠰᠠᠶ᠋ᠢ ᠪᠣᠳᠠᠰ ᠤᠨ ᠪᠤᠰᠤ ᠰᠣᠶᠣᠯ ᠤᠨ ᠥᠪ ᠣᠳᠣ ᠦᠶ᠎ᠡ ᠶᠢᠨ ᠨᠡᠶᠢᠭᠡᠮ ᠳᠤ ᠣᠷᠣᠰᠢᠨ ᠲᠣᠭᠲᠠᠨᠢᠬᠤ ᠵᠠᠮ ᠢᠶᠠᠨ ᠣᠯᠵᠤ ᠳᠡᠶᠢᠯᠦᠨ᠎ᠡ᠃    ᠪᠣᠳᠠᠰ ᠤᠨ ᠪᠤᠰᠤ ᠰᠣᠶᠣᠯ ᠤᠨ ᠥᠪ ᠪᠣᠯ ᠮᠦᠽᠧᠢ ᠳᠣᠲᠣᠷᠠᠬᠢ ᠳᠡᠯᠭᠡᠨ ᠦᠵᠡᠭᠦᠯᠭᠦ ᠡᠳ᠋ ᠪᠢᠰᠢ᠂ ᠬᠠᠷᠢᠨ ᠠᠮᠢᠳᠤ ᠰᠣᠶᠣᠯ ᠤᠨ ᠭᠧᠨ ᠮᠥᠨ᠂ ᠤᠯᠠᠮᠵᠢᠯᠠᠬᠤ ᠳᠤᠮᠳᠠ ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠳᠤᠮᠳᠠ ᠤᠯᠠᠮᠵᠢᠯᠠᠬᠤ ᠬᠡᠷᠡᠭᠲᠡᠢ᠃ ᠢᠷᠡᠭᠡᠳᠦᠢ ᠶᠢ ᠪᠠᠷᠠᠯᠠᠬᠤᠶ᠎ᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠤ ᠡᠭᠦᠷᠭᠡ ᠬᠦᠨᠳᠦ ᠵᠠᠮ ᠬᠤᠯᠠ ᠪᠤᠢ᠃ ᠪᠢᠳᠡ ᠪᠣᠳᠠᠰ ᠤᠨ ᠪᠤᠰᠤ ᠰᠣᠶᠣᠯ ᠤᠨ ᠥᠪ ᠤᠨ ᠬᠤᠪᠢᠰᠤᠯᠲᠠ ᠳᠤ ᠨᠡᠭᠡᠭᠡᠯᠲᠡ ᠲᠠᠢ ᠪᠠᠭᠲᠠᠭᠠᠮᠵᠢ ᠲᠠᠢ ᠣᠪᠣᠷ ᠢᠶᠠᠷ ᠬᠠᠨᠳᠤᠨ᠂ ᠰᠢᠨ᠎ᠡ ᠶᠢ ᠡᠭᠦᠳᠦᠨ ᠬᠥᠭᠵᠢᠭᠦᠯᠬᠦ ᠰᠡᠳᠬᠢᠬᠦᠢ ᠪᠠᠷ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠠᠬᠢᠭᠤᠯᠵᠤ᠂ ᠤᠳᠤ ᠦᠶ᠎ᠡ ᠶᠢᠨ ᠨᠡᠶᠢᠭᠡᠮ ᠳᠤ ᠤᠯᠠᠮᠵᠢᠯᠠᠯᠲᠤ ᠰᠣᠶᠣᠯ ᠤᠨ ᠥᠩᠭᠡ ᠭᠡᠷᠡᠯ ᠢ ᠰᠠᠴᠤᠷᠠᠭᠤᠯᠬᠤ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠢ ᠥᠩᠭᠡᠷᠡᠭᠰᠡᠨ ᠤ ᠬᠢ ᠶᠢ ᠰᠠᠬᠢᠨ ᠬᠠᠮᠠᠭᠠᠯᠠᠬᠤ ᠪᠠᠷ ᠪᠠᠷᠠᠬᠤ ᠦᠭᠡᠢ᠂ ᠨᠡᠩ ᠰᠠᠶᠢᠨ ᠬᠥᠭᠵᠢᠯ ᠤᠨ ᠢᠷᠡᠭᠡᠳᠦᠢ ᠲᠠᠢ ᠪᠤᠯᠬᠤ ᠶᠢᠨ ᠲᠥᠯᠥᠭᠡ ᠶᠤᠮ᠃ ᠪᠢᠳᠡ ᠬᠠᠮᠲᠤ ᠪᠠᠷ ᠴᠢᠷᠮᠠᠶᠢᠵᠤ᠂ ᠪᠣᠳᠠᠰ ᠤᠨ ᠪᠤᠰᠤ ᠰᠣᠶᠣᠯ ᠤᠨ ᠥᠪ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠶ᠎ᠠ᠃  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ