ᠬᠠᠲᠠᠭᠤ ᠲᠠᠢ ᠨᠢ ᠬᠠᠯᠳᠠᠵᠤ ᠡᠷᠴᠢᠮ ᠲᠠᠢ ᠪᠠᠶᠢᠴᠠᠭᠠᠬᠤ ᠶᠢ ᠪᠠᠲᠤᠯᠠᠰᠤᠭᠠᠢ
ᠨᠡᠶᠢᠲᠡᠯᠡᠭᠰᠡᠨ ᠴᠠᠭ᠄
2025/5/14
    ᠪᠠᠷᠢᠮᠵᠢᠶᠠᠯᠠᠨ ᠬᠠᠷᠭᠤᠭᠤᠯᠵᠤ ᠵᠥᠷᠢᠶ᠎ᠡ ᠪᠠᠨ ᠡᠷᠢᠵᠦ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠠᠰᠠᠭᠤᠳᠠᠯ ᠤᠨ ᠨᠠᠷᠢᠨ ᠳᠠᠩᠰᠠ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢᠶᠠᠨ ᠲᠣᠳᠣᠷᠬᠠᠶᠢᠯᠠᠪᠠ ; ᠬᠢᠨᠠᠯᠲᠠ ᠲᠠᠯᠪᠢᠬᠤ ᠴᠣᠩᠬᠤ ᠶᠢ ᠨᠡᠭᠡᠭᠡᠵᠦ᠂ ᠰᠠᠨᠠᠯ ᠰᠠᠨᠠᠭᠤᠯᠭ᠎ᠠ ᠶᠢ ᠬᠤᠷᠢᠶᠠᠬᠤ ᠡᠭᠦᠳᠡ ᠶᠢ ᠨᠡᠭᠡᠭᠡᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠰᠠᠨᠠᠯ ᠢ ᠬᠤᠷᠢᠶᠠᠵᠤ᠂ ᠡᠯ᠎ᠡ ᠲᠠᠯ᠎ᠠ ᠶᠢᠨ ᠬᠢᠨᠠᠯᠲᠠ ᠶᠢ ᠬᠦᠯᠢᠶᠡᠪᠡ ᠁ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠠᠰᠠᠭᠤᠳᠠᠯ ᠢ ᠴᠢᠩᠭ᠎ᠠ ᠪᠣᠳᠠᠲᠠᠢ ᠪᠠᠶᠢᠴᠠᠭᠠᠨ ᠳᠡᠯᠭᠡᠵᠦ᠂ ᠰᠤᠷᠲᠠᠯ ᠤᠨ ᠳᠠᠯᠳᠠ ᠠᠷᠬᠠᠭ ᠢ ᠴᠢᠩᠭ᠎ᠠ ᠪᠠᠶᠢᠴᠠᠭᠠᠨ ᠭᠦᠨᠵᠡᠭᠡᠢ ᠠᠭᠤᠳᠠᠯᠵᠤ᠂ ᠴᠡᠭᠴᠡᠯᠡᠨ ᠰᠠᠶᠢᠵᠢᠷᠠᠭᠤᠯᠬᠤ ᠳᠤ ᠣᠨᠣᠪᠴᠢᠲᠠᠢ ᠴᠢᠭᠯᠡᠯ ᠬᠠᠩᠭᠠᠪᠠ᠃    ᠪᠠᠶᠢᠴᠠᠭᠠᠬᠤ ᠪᠣᠯ ᠰᠤᠷᠤᠯᠴᠠᠬᠤ ᠶᠢᠨ ᠦᠷᠭᠦᠯᠵᠢᠯᠡᠯ᠂ ᠴᠡᠭᠴᠡᠯᠡᠨ ᠰᠠᠶᠢᠵᠢᠷᠠᠭᠤᠯᠬᠤ ᠶᠢᠨ ᠤᠳᠤᠷᠢᠳᠤᠮᠵᠢ ᠮᠥᠨ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠠᠰᠠᠭᠤᠳᠠᠯ ᠢ ᠣᠨᠣᠪᠴᠢᠲᠠᠢ ᠪᠠᠶᠢᠴᠠᠭᠠᠨ ᠳᠡᠯᠭᠡᠬᠦ ᠪᠣᠯ ᠰᠤᠷᠲᠠᠯ ᠢ ᠬᠤᠪᠢᠷᠠᠭᠤᠯᠬᠤ ᠵᠠᠩᠭᠢᠯᠠᠭ᠎ᠠ ᠶᠢᠨ ᠰᠢᠪᠲᠤᠯᠤᠯᠲᠠ ᠶᠢᠨ ᠴᠡᠭ ᠮᠥᠨ᠃ ᠠᠰᠠᠭᠤᠳᠠᠯ ᠢ ᠪᠠᠶᠢᠴᠠᠭᠠᠨ ᠳᠡᠯᠭᠡᠬᠦ ᠡᠷᠴᠢᠮ ᠨᠢ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠢ ᠰᠢᠭᠤᠳ ᠲᠣᠭᠲᠠᠭᠠᠵᠤ ᠪᠠᠶᠢᠳᠠᠭ᠃ ᠭᠠᠭᠴᠠ ᠬᠦ ᠠᠰᠠᠭᠤᠳᠠᠯ ᠳᠤ ᠵᠣᠷᠢᠭᠲᠠᠢ ᠵᠥᠪ ᠬᠠᠨᠳᠤᠵᠤ᠂ ᠠᠰᠠᠭᠤᠳᠠᠯ ᠢ ᠢᠯᠡᠷᠡᠭᠦᠯᠬᠦ ᠳᠡᠭᠡᠨ ᠴᠢᠳᠠᠮᠠᠭᠠᠢ ᠪᠠᠶᠢᠪᠠᠯ ᠰᠠᠶ᠋ᠢ ᠡᠪᠡᠳᠴᠢᠨ ᠤ ᠦᠨᠳᠦᠰᠦ ᠶᠢ ᠣᠨᠣᠪᠴᠢᠲᠠᠢ ᠣᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠰᠤᠷᠤᠯᠴᠠᠯᠭ᠎ᠠ ᠬᠥᠮᠦᠵᠢᠯ ᠢ ᠬᠠᠰᠢ ᠶᠠᠰᠢ ᠪᠠᠷ ᠥᠩᠭᠡᠷᠡᠭᠦᠯᠬᠦ ᠦᠭᠡᠢ᠂ ᠭᠡᠯᠪᠡᠷᠢ ᠶᠢᠨ ᠲᠡᠳᠦᠢ ᠪᠢᠰᠢ ᠪᠤᠯᠭᠠᠵᠤ ᠴᠢᠳᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠵᠦ᠂ ᠠᠩᠬᠠᠷᠤᠯ ᠢᠶᠠᠨ ᠨᠠᠷᠢᠨ ᠤᠨᠤᠪᠴᠢᠳᠠᠢ ᠲᠥᠪᠯᠡᠷᠡᠭᠦᠯᠬᠦ ᠳᠤᠮᠳᠠ ᠡᠪᠡᠳᠴᠢᠨ ᠤ ᠦᠨᠳᠦᠰᠦ ᠶᠢ ᠭᠦᠨ ᠠᠭᠤᠳᠠᠯᠵᠤ᠂ ᠠᠰᠠᠭᠤᠳᠠᠯ ᠢ ᠣᠨᠣᠪᠴᠢᠲᠠᠶ ᠪᠦᠷᠢᠨ ᠡᠷᠢᠵᠦ᠂ ᠪᠠᠶᠢᠴᠠᠭᠠᠬᠤ ᠳᠤ ᠡᠷᠴᠢᠮ ᠲᠠᠢ᠂ ᠡᠷᠢᠬᠦ ᠳᠤ ᠭᠦᠨᠴᠡ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠣᠷᠢᠭᠲᠠᠢ ᠪᠠᠷ ᠳᠤᠲᠠᠭᠳᠠᠯ ᠢᠶᠠᠨ ᠢᠯᠡᠴᠢᠯᠡᠨ ᠨᠠᠵᠠᠭᠠᠢ ᠲᠠᠯ᠎ᠠ ᠪᠠᠨ ᠬᠡᠯᠡᠵᠦ᠂ ᠵᠠᠶᠢᠯᠠᠬᠤ ᠦᠭᠡᠢ᠂ ᠨᠢᠭᠤᠬᠤ ᠦᠭᠡᠢ ᠪᠠᠶᠢᠵᠤ᠂ ᠥᠪᠡᠷ ᠢ ᠪᠠᠨ ᠪᠠᠭᠲᠠᠭᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠭᠲᠠᠭᠠᠨ ᠣᠷᠣᠭᠤᠯᠵᠤ᠂ ᠠᠵᠢᠯ ᠢᠶᠠᠨ ᠪᠠᠭᠲᠠᠭᠠᠨ ᠣᠷᠣᠭᠤᠯᠵᠤ᠂ ᠤᠯᠠᠨ ᠬᠠᠷᠠᠭᠠᠰᠤ᠂ ᠪᠦᠭᠦ ᠲᠠᠯ᠎ᠠ᠂ ᠭᠦᠨ ᠳᠠᠪᠬᠤᠷᠭ᠎ᠠ ᠠᠴᠠ ᠥᠪᠡᠷ ᠪᠡᠶ᠎ᠡ ᠶᠢᠨ ᠪᠠᠶᠢᠴᠠᠭᠠᠯᠲᠠ ᠬᠢᠵᠦ᠂ ᠰᠤᠷᠤᠯᠴᠠᠯᠭ᠎ᠠ ᠬᠥᠮᠦᠵᠢᠯ ᠢᠶᠠᠷ ᠠᠵᠢᠯ ᠤᠨ ᠰᠤᠷᠲᠠᠯ ᠤᠨ ᠬᠤᠪᠢᠷᠠᠯᠲᠠ ᠶᠢ ᠦᠨᠡᠨ ᠬᠦ ᠠᠬᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃    ᠪᠠᠶᠢᠴᠠᠭᠠᠬᠤ ᠳᠤ᠂ ᠡᠷᠬᠡᠪᠰᠢ ᠬᠠᠲᠠᠭᠤ ᠲᠠᠢ ᠨᠢ ᠬᠠᠯᠳᠠᠵᠤ᠂ ᠠᠩᠬᠠᠷᠤᠯ ᠢᠶᠠᠨ ᠣᠨᠣᠪᠴᠢᠲᠠᠶ ᠲᠥᠪᠯᠡᠷᠡᠭᠦᠯᠵᠦ᠂ ᠪᠣᠳᠠᠲᠠᠢ ᠨᠠᠶᠢᠳᠠᠪᠤᠷᠢᠵᠢᠭᠤᠯᠵᠤ᠂ ︽ᠶᠡᠭᠡ ᠤᠰᠤ  ᠪᠠᠷ ᠨᠡᠯᠦ᠋ᠢᠲᠡᠯ᠎ᠡ ᠤᠰᠤᠯᠠᠬᠤ︾ ᠮᠠᠶ᠋ᠢᠭ ᠢᠶᠠᠷ ᠪᠦᠳᠦᠭᠦᠯᠢᠭ ᠪᠠᠶᠢᠵᠤ ᠪᠤᠯᠬᠤ ᠦᠭᠡᠢ ᠮᠥᠷᠲᠡᠭᠡᠨ ︽ᠦᠬᠦᠮᠡᠯ︾ ᠮᠠᠶ᠋ᠢᠭ ᠢᠶᠠᠷ ᠠᠷᠭᠠᠴᠠᠭᠠᠵᠤ ᠪᠤᠯᠬᠤ ᠦᠭᠡᠢ ᠃ ᠣᠳᠣᠬᠠᠨ ᠳᠤ ᠣᠨᠴᠠ ᠵᠠᠷᠢᠮ ᠭᠠᠵᠠᠷ ᠣᠷᠣᠨ ᠳᠤ ︽ᠬᠦᠨᠳᠦ ᠠᠴᠠ ᠵᠠᠶᠢᠯᠠᠵᠤ ᠬᠥᠩᠭᠡᠨ ᠢ ᠡᠷᠢᠵᠦ︾ ᠬᠥᠩᠭᠡᠨ ᠬᠠᠭᠤᠮᠠᠭᠠᠢ ᠬᠠᠨᠳᠤᠬᠤ᠂ ︽ᠡᠪᠡᠳᠴᠢᠨ ᠢᠶᠠᠨ ᠨᠢᠭᠤᠭᠠᠳ ᠡᠮᠨᠡᠭᠦᠯᠭᠦ ᠦᠭᠡᠢ︾ ᠨᠢᠭᠤᠨ ᠳᠠᠯᠳᠠᠯᠠᠬᠤ᠂ ︽ᠭᠤᠲᠤᠯ ᠤᠨ ᠭᠠᠳᠠᠨ᠎ᠠ ᠠᠴᠠ ᠮᠠᠭᠠᠵᠢᠵᠤ︾ ᠦᠩᠭᠡᠨ ᠲᠠᠯ᠎ᠠ ᠶᠢ ᠴᠡᠭᠴᠡᠯᠡᠨ ᠰᠠᠶᠢᠵᠢᠷᠠᠭᠤᠯᠬᠤ ᠵᠡᠷᠭᠡ ᠪᠠᠶᠢᠳᠠᠯ ᠣᠷᠣᠰᠢᠵᠤ ᠪᠤᠢ᠃ ᠡᠷᠬᠡᠪᠰᠢ ᠨᠡᠩ ᠡᠷᠡᠰ ᠣᠪᠣᠷ᠂ ᠨᠡᠩ ᠰᠢᠨᠵᠢᠯᠡᠬᠦ ᠤᠬᠠᠭᠠᠨᠴᠢ ᠠᠷᠭ᠎ᠠ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ︽ᠪᠠᠶᠢᠴᠠᠭᠠᠬᠤ︾ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠳᠡᠭ ᠢ ᠪᠢᠳᠡᠨ ᠳᠤ ᠰᠡᠷᠡᠮᠵᠢᠯᠡᠭᠦᠯᠵᠦ ᠪᠠᠶᠢᠨ᠎ᠠ᠃ ᠭᠠᠭᠴᠠ ᠬᠦ ᠬᠢᠲᠤᠭᠠᠨ ᠤ ᠢᠷ ᠢ ᠳᠣᠲᠣᠭᠰᠢ ᠬᠠᠨᠳᠤᠭᠤᠯᠬᠤ᠂ ᠶᠠᠰᠤ ᠶᠢ ᠬᠤᠰᠤᠨ ᠬᠤᠣᠷ ᠢ ᠨᠢ ᠠᠷᠢᠯᠭᠠᠵᠤ᠂ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠵᠤ᠂ ᠨᠠᠷᠢᠯᠢᠭ ᠣᠨᠣᠪᠴᠢᠲᠠᠢ ᠪᠠᠶᠢᠴᠠᠭᠠᠪᠠᠯ ᠰᠠᠶ᠋ᠢ ︽ᠦᠨᠡᠨ ᠠᠰᠠᠭᠤᠳᠠᠯ ᠢ ᠪᠠᠶᠢᠴᠠᠭᠠᠨ ᠭᠠᠷᠭᠠᠵᠤ ᠥᠯᠤ ᠳᠡᠶᠢᠯᠭᠦ︾ ᠬᠠᠴᠢᠨ ᠪᠠᠶᠢᠳᠠᠯ ᠠᠴᠠ ᠮᠤᠯᠲᠤᠷᠠᠵᠤ᠂ ︽ᠬᠠᠭᠤᠴᠢᠨ ᠠᠰᠠᠭᠤᠳᠠᠯ ᠰᠢᠨ᠎ᠡ ᠭᠡᠯᠪᠡᠷᠢ ᠪᠠᠷ ᠢᠯᠡᠷᠡᠬᠦ︾ ᠬᠤᠪᠢᠷᠠᠯᠲᠠ ᠶᠢ ᠰᠡᠷᠭᠡᠶᠢᠯᠡᠵᠦ᠂ ᠬᠠᠭᠤᠴᠢᠨ ᠠᠰᠠᠭᠤᠳᠠᠯ ᠲᠠᠭᠢᠨ ᠡᠭᠦᠰᠬᠦ᠂ ᠰᠢᠨ᠎ᠡ ᠠᠰᠠᠭᠤᠳᠠᠯ ᠡᠭᠦᠰᠬᠦ᠂ ᠪᠠᠭ᠎ᠠ ᠠᠰᠠᠭᠤᠳᠠᠯ ᠶᠡᠬᠡᠰᠬᠦ ᠶᠢ ᠦᠨᠳᠦᠰᠦᠨ ᠠᠴᠠ ᠨᠢ ᠬᠤᠷᠢᠭᠯᠠᠵᠤ ᠴᠢᠳᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠥᠪᠡᠷ ᠪᠡᠶ᠎ᠡ ᠳᠡᠭᠡᠨ ᠬᠤᠪᠢᠰᠬᠠᠯ ᠬᠢᠬᠦ ᠰᠥᠰᠥ ᠵᠣᠷᠢᠭ ᠢᠶᠠᠷ ᠠᠵᠢᠯ ᠤᠨ ᠳᠤᠲᠠᠭᠤᠳᠠᠯ᠂ ᠰᠤᠷᠲᠠᠯ ᠤᠨ ᠭᠡᠮ ᠰᠣᠭᠤᠭ ᠢ ᠬᠢᠨᠠᠨ ᠰᠢᠨᠵᠢᠵᠦ᠂ ︽ᠪᠢᠯᠵᠤᠤᠬᠠᠢ ᠶᠢ ᠲᠤᠶᠠᠴᠢᠬᠤ︾ ᠨᠠᠷᠢᠯᠢᠭ ᠠᠵᠢᠯᠯᠠᠭ᠎ᠠ ᠪᠣᠯᠣᠨ ︽ᠲᠤᠭᠤᠰᠢᠲᠠᠢ ᠬᠡᠷᠡᠭᠵᠢᠭᠦᠯᠬᠦ︾ ᠪᠠᠷ ᠲᠠᠬᠤᠯ ᠠᠷᠬᠠᠭ ᠭᠡᠮ ᠢ ᠠᠭᠤᠳᠠᠯᠤᠨ ᠭᠠᠷᠭᠠᠵᠤ ᠡᠮᠨᠡᠨ ᠵᠠᠰᠠᠬᠤ ᠬᠡᠷᠡᠭᠲᠡᠢ᠃    ᠪᠠᠶᠢᠴᠠᠭᠠᠬᠤ ᠳᠤ᠂ ᠡᠷᠬᠡᠪᠰᠢ ︽ᠡᠭᠦᠳᠡ ᠪᠠᠨ ᠨᠡᠭᠡᠭᠡᠵᠦ ᠣᠨᠣᠰᠢᠯᠠᠨ ᠡᠮᠨᠡᠬᠦ︾ ᠶᠢ ᠪᠠᠷᠢᠮᠲᠠᠯᠠᠬᠤ ᠬᠡᠷᠡᠭᠲᠡᠢ᠂ ᠬᠠᠷᠢᠨ ︽ᠡᠭᠦᠳᠡ ᠪᠠᠨ ᠲᠦᠭᠵᠢᠵᠦ ᠥᠪᠡᠷ ᠤᠨ  ᠬᠢ︾ ᠪᠠᠷ ᠢᠶᠠᠨ ᠪᠠᠶᠢᠵᠤ ᠪᠤᠯᠬᠤ ᠦᠭᠡᠢ᠃ ᠪᠠᠶᠢᠴᠠᠭᠠᠨ ᠳᠡᠯᠭᠡᠬᠦ ᠠᠷᠭ᠎ᠠ ᠵᠠᠮ ᠢ ᠭᠦᠢᠴᠡᠳ ᠥᠷᠭᠡᠵᠢᠭᠦᠯᠵᠦ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠥᠪᠡᠷ ᠢ ᠪᠠᠨ ᠴᠢᠩᠭ᠎ᠠ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠪᠠᠷ ᠪᠠᠷᠠᠬᠤ ᠦᠭᠡᠢ᠂ ᠪᠠᠰᠠ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠬᠡᠷᠡᠭᠯᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ ᠵᠡᠷᠭᠡ ᠤᠯᠠᠨ ᠠᠷᠭ᠎ᠠ ᠵᠠᠮ ᠢᠶᠠᠷ ︽ᠪᠠᠶᠢᠳᠠᠯ ᠢ ᠵᠠᠳᠠᠯᠵᠤ ᠣᠨᠣᠰᠢᠯᠠᠬᠤ︾ ᠶᠢ ᠠᠰᠢᠭᠯᠠᠵᠤ᠂ ᠤᠯᠠᠨ ᠲᠦᠮᠡᠨ ᠤ ᠣᠷᠤᠯᠴᠠᠬᠤ ᠶᠢ ᠨᠡᠩ ᠴᠢᠬᠤᠯᠠᠴᠢᠯᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠤᠯᠠᠨ ᠲᠦᠮᠡᠨ ᠤ ︽ᠤᠴᠠᠭᠠᠷᠯᠠᠨ ᠶᠠᠩᠰᠢᠬᠤ︾ ᠳᠤᠮᠳᠠ ᠠᠴᠠ ᠠᠰᠠᠭᠤᠳᠠᠯ ᠢ ᠢᠯᠡᠷᠡᠭᠦᠯᠵᠦ᠂ ᠤᠯᠠᠨ ᠲᠦᠮᠡᠨ ᠤ ︽ᠭᠡᠷ ᠤᠨ ᠵᠣᠭᠤᠭ︾ ᠠᠴᠠ ᠰᠦᠪᠡᠭᠴᠢ ᠡᠷᠢᠵᠦ᠂ ᠥᠪᠡᠷ ᠢ ᠪᠠᠨ ᠪᠠᠶᠢᠴᠠᠭᠠᠬᠤ ᠪᠠ ᠪᠤᠰᠤᠳ ᠢᠶᠠᠷ ᠪᠠᠶᠢᠴᠠᠭᠠᠯᠭᠠᠬᠤ ᠶᠢ ᠤᠶᠠᠯᠳᠤᠭᠤᠯᠬᠤ᠂ ᠱᠠᠯᠠᠪᠳᠠᠭᠤᠯᠤᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠶᠢ ᠬᠤᠯᠪᠣᠯᠳᠤᠭᠤᠯᠬᠤ ᠶᠢ ᠦᠨᠡᠨ ᠬᠦ ᠪᠡᠶᠡᠯᠡᠭᠦᠯᠵᠦ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠳᠠᠯᠳᠠᠯᠠᠬᠤ ᠭᠠᠵᠠᠷ ᠦᠭᠡᠢ ᠪᠤᠯᠭᠠᠬᠤ ᠬᠡᠷᠡᠭᠲᠡᠢ᠃ ᠡᠭᠦᠨ ᠤ ᠬᠠᠮᠲᠤ᠂ ᠤᠳᠤ ᠪᠠᠶᠢᠭ᠎ᠠ ᠳᠦᠷᠢᠮ ᠤᠨ ᠵᠢᠷᠤᠮᠵᠢᠯ ᠢ ᠬᠡᠷᠡᠭᠯᠡᠨ ᠬᠢᠵᠠᠭᠠᠷᠯᠠᠭᠰᠠᠨ ᠰᠠᠭᠤᠷᠢᠨ ᠳᠡᠭᠡᠷ᠎ᠡ᠂ ᠬᠢᠨᠠᠯᠲᠠ ᠲᠠᠯᠪᠢᠬᠤ ᠠᠷᠭ᠎ᠠ ᠪᠠᠷᠢᠯ᠂ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠪᠦᠭᠦᠨ ᠢ ᠪᠦᠷᠬᠦᠭᠦᠯᠬᠦ᠂ ᠥᠨᠴᠥᠭ ᠪᠤᠯᠤᠩ ᠦᠯᠡᠳᠡᠭᠡᠯ ᠦᠭᠡᠢ ᠪᠠᠶᠢᠯᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃    ᠰᠤᠷᠲᠠᠯ ᠤᠨ ᠠᠰᠠᠭᠤᠳᠠᠯ ᠨᠢ ᠪᠤᠷᠤᠩᠬᠤᠢ ᠴᠢᠨᠠᠷ ᠪᠠ ᠳᠠᠭᠢᠨ ᠳᠠᠪᠲᠠᠬᠤ ᠴᠢᠨᠠᠷ ᠲᠠᠢ ᠪᠠᠶᠢᠳᠠᠭ᠂ ᠰᠤᠯᠠ ᠲᠠᠯᠪᠢᠪᠠᠯ ᠳᠠᠭᠢᠨ ᠢᠯᠡᠷᠡᠵᠦ᠂ ᠵᠢᠭᠠᠬᠠᠨ ᠤᠬᠤᠷᠢᠪᠠᠯ ᠤᠷᠢᠳᠤᠬᠢ ᠴᠢᠷᠮᠠᠶᠢᠯᠭ᠎ᠠ ᠨᠢ ᠬᠤᠭᠤᠰᠤᠳᠠᠵᠤ ᠮᠡᠳᠡᠨ᠎ᠡ᠃ ᠭᠠᠭᠴᠠ ᠬᠦ ᠴᠠᠭ ᠢᠮᠠᠭᠲᠠ ᠰᠡᠷᠡᠮᠵᠢᠯᠡᠭᠦᠯᠵᠦ᠂ ︽ᠮᠢᠺᠷᠣᠰᠺᠤᠫ︾ ᠢᠶᠠᠷ ᠨᠠᠷᠢᠨ ᠵᠦᠢᠯᠡᠰ ᠢ ᠪᠠᠶᠢᠴᠠᠭᠠᠵᠤ᠂ ︽ᠲᠣᠮᠣᠷᠠᠭᠤᠯᠬᠤ ᠰᠢᠯ︾ ᠢᠶᠠᠷ ᠦ ᠰᠡᠪ ᠢ ᠡᠷᠢᠪᠡᠯ ᠰᠠᠶ᠋ᠢ ᠴᠢᠩᠭ᠎ᠠ ᠪᠠᠶᠢᠴᠠᠭᠠᠯᠲᠠ ᠪᠠᠷ ᠦᠨᠡᠨ ᠰᠠᠶᠢᠵᠢᠷᠠᠭᠤᠯᠤᠯᠲᠠ ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠲᠠᠰᠤᠷᠠᠯᠳᠠ ᠦᠭᠡᠢ ᠠᠬᠢᠭᠤᠯᠵᠤ ᠴᠢᠳᠠᠨ᠎ᠠ᠃     
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ