ᠬᠡᠶᠢᠰᠪᠦᠷᠢ ᠭᠠᠪᠢᠶ᠎ᠠ ᠬᠥᠭᠡᠭᠡᠴᠡᠯᠳᠦᠬᠦ ᠶᠢ ᠴᠢᠩᠭ᠎ᠠ ᠴᠡᠭᠡᠷᠯᠡᠵᠦ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ
ᠨᠡᠶᠢᠲᠡᠯᠡᠭᠰᠡᠨ ᠴᠠᠭ᠄
2025/5/14
    ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠳᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠬᠡᠶᠢᠰᠪᠦᠷᠢ ᠭᠠᠪᠢᠶ᠎ᠠ ᠬᠥᠭᠡᠭᠡᠴᠡᠯᠳᠦᠬᠦ ᠶᠢ ᠴᠢᠩᠭ᠎ᠠ ᠴᠡᠭᠡᠷᠯᠡᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ︽ᠭᠡᠯᠪᠡᠷᠢ ︾  ᠶᠢ ᠴᠢᠬᠤᠯᠠᠴᠢᠯᠠᠭᠠᠳ ︽ᠦᠷ᠎ᠡ ᠪᠦᠲᠦᠮᠵᠢ︾ ᠶᠢ ᠴᠢᠬᠤᠯᠠᠴᠢᠯᠠᠬᠤ ᠦᠭᠡᠢ ᠪᠠᠶᠢᠬᠤ ᠶᠢ ᠰᠡᠷᠭᠡᠶᠢᠯᠡᠵᠦ᠂ ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃    ᠣᠳᠣᠬᠠᠨ ᠳᠤ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠮᠥᠨ ᠯᠡ ᠬᠡᠶᠢᠰᠪᠦᠷᠢ ᠶᠢ ᠬᠥᠭᠡᠭᠡᠴᠡᠯᠳᠦᠭᠡᠳ ᠪᠣᠳᠠᠲᠤ ᠠᠵᠢᠯᠯᠠᠭ᠎ᠠ ᠶᠢ ᠡᠷᠭᠢᠮᠯᠡᠭᠦ ᠦᠭᠡᠢ ᠪᠠᠶᠢᠳᠠᠯ ᠣᠷᠣᠰᠢᠵᠤ ᠪᠠᠶᠢᠨ᠎ᠠ᠃ ᠵᠠᠷᠢᠮ ᠨᠢ ᠬᠤᠷᠠᠯ ᠢᠶᠠᠷ ᠬᠤᠷᠠᠯ ᠢ ᠨᠠᠶᠢᠳᠠᠪᠤᠷᠢᠵᠢᠭᠤᠯᠤᠨ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ ᠂ ᠰᠦᠷ ᠮᠠᠨᠳᠤᠭᠤᠯᠤᠨ᠂ ᠪᠡᠶ᠎ᠡ ᠪᠠᠨ ᠭᠠᠶᠢᠬᠠᠭᠤᠯᠬᠤ ᠯᠡ ᠳᠤᠷᠠᠲᠠᠢ ᠪᠠᠶᠢᠳᠠᠭ ; ᠵᠠᠷᠢᠮ ᠨᠢ ᠦᠨᠳᠦᠰᠦᠨ ᠱᠠᠲᠤᠨ ᠳᠤ ᠪᠠᠭᠤᠵᠤ ︽ᠦᠵᠡᠭᠦᠯᠭᠡ ᠶᠢᠨ ᠮᠠᠶ᠋ᠢᠭ︾᠂ ︽ᠵᠣᠬᠢᠶᠠᠮᠠᠯ ᠦᠵᠡᠮᠵᠢ ᠶᠢᠨ ᠮᠠᠶ᠋ᠢᠭ︾ ᠤᠨ ᠪᠠᠶᠢᠴᠠᠭᠠᠨ ᠰᠤᠳᠤᠯᠤᠯᠲᠠ ᠭᠢᠳᠡᠭ ; ᠵᠠᠷᠢᠮ ᠨᠢ ᠵᠠᠭᠤᠴᠢᠯᠠᠭᠤᠷ ᠤᠨ ᠡᠮᠦᠨ᠎ᠡ ᠠᠮᠠ ᠳᠦᠭᠦᠷᠡᠩ ᠤᠴᠢᠷ ᠶᠣᠰᠣ ᠶᠠᠷᠢᠵᠤ᠂ ᠬᠠᠷᠢᠭᠤ ᠮᠡᠳᠡᠭᠦᠯᠦᠯᠲᠡ ᠳᠡᠭᠡᠨ ᠡᠷᠡᠰ ᠰᠢᠭᠤᠷᠬᠠᠢ ᠣᠪᠣᠷ ᠢᠶᠠᠨ ᠢᠯᠡᠳᠬᠡᠳᠡᠭ ᠴᠦ᠂ ᠨᠠᠶᠢᠳᠠᠪᠤᠷᠢᠵᠢᠭᠤᠯᠬᠤ ᠦᠶ᠎ᠡ ᠳᠤ ᠬᠠᠷᠢᠨ ︽ᠪᠠᠷᠰ ᠤᠨ ᠲᠣᠯᠣᠭᠠᠢ ᠪᠠᠷ ᠡᠬᠢᠯᠡᠵᠦ ᠮᠣᠭᠠᠢ ᠶᠢᠨ ᠰᠡᠭᠦᠯ ᠢᠶᠠᠷ ᠰᠢᠪᠲᠤᠷᠠᠳᠠᠭ︾ ᠁ ᠡᠶᠢᠮᠦᠷᠬᠦᠦ ᠬᠠᠭᠤᠷᠮᠠᠭᠯᠠᠨ ᠣᠪᠯᠠᠬᠤ᠂ ᠨᠡᠷᠡᠬᠦᠢ ᠨᠢᠳᠤᠷᠭ᠎ᠠ ᠪᠣᠯᠪᠠᠰᠤᠷᠠᠬᠤ ᠮᠡᠲᠦ ᠶᠢᠨ ᠦᠶ᠋ᠯᠡ ᠠᠵᠢᠯᠯᠠᠭ᠎ᠠ ᠳᠤ᠂ ᠡᠷᠬᠡᠪᠰᠢ ᠪᠣᠳᠠᠲᠠᠢ ᠱᠠᠭᠠᠷᠳᠠᠯᠭ᠎ᠠ ᠶᠢ ᠰᠤᠷᠤᠯᠴᠠᠯᠭ᠎ᠠ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠣᠨᠣᠯ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠲᠣᠪᠤᠶᠢᠮ᠎ᠠ ᠠᠰᠠᠭᠤᠳᠠᠯ ᠢ ᠦᠨᠡᠨ ᠬᠦ ᠪᠠᠶᠢᠴᠠᠭᠠᠨ ᠦᠵᠡᠵᠦ᠂ ᠠᠷᠠᠳ ᠲᠤ ᠠᠰᠢᠭ ᠬᠦᠷᠲᠡᠭᠡᠵᠦ ᠠᠷᠠᠳ ᠲᠤ ᠲᠤᠰᠠᠲᠠᠢ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠭᠵᠢᠯᠲᠡ ᠶᠢ ᠠᠬᠢᠭᠤᠯᠵᠤ᠂ ᠠᠷᠠᠳ ᠤᠨ ᠢᠲᠡᠭᠡᠯ ᠢ ᠣᠯᠬᠤ ᠬᠡᠷᠡᠭᠲᠡᠢ᠃    ︽ᠬᠡᠶᠢᠰᠪᠦᠷᠢ ᠡᠷᠳᠡᠮ︾ ᠢ ᠴᠡᠭᠡᠷᠯᠡᠬᠦ ᠳᠤ᠂ ᠫᠠᠢ ᠪᠠᠨ ᠣᠨᠣᠪᠴᠢᠲᠠᠢ ᠣᠯᠵᠤ᠂ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠰᠤᠷᠲᠠᠯ ᠤᠨ ᠠᠰᠠᠭᠤᠳᠠᠯ ᠤᠨ ᠢᠯᠡᠷᠡᠯ ᠨᠢ ᠤᠯᠠᠨ ᠶᠠᠩᠵᠤ ᠶᠢᠨ ᠪᠠᠶᠢᠵᠤ᠂ ᠪᠤᠢ ᠪᠣᠯᠤᠭᠰᠠᠨ ᠰᠢᠯᠲᠠᠭᠠᠨ ᠨᠢ ᠨᠠᠷᠢᠨ ᠪᠤᠳᠤᠯᠢᠶᠠᠨᠲᠠᠢ ᠪᠠᠶᠢᠳᠠᠭ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠪᠣᠯ ᠰᠤᠷᠲᠠᠯ ᠤᠨ ᠠᠰᠠᠭᠤᠳᠠᠯ ᠤᠨ ᠲᠥᠪᠯᠡᠷᠡᠩᠭᠦᠢ ᠢᠯᠡᠷᠡᠯ ᠮᠥᠨ᠂ ᠶᠠᠮᠠᠷ ᠠᠰᠠᠭᠤᠳᠠᠯ ᠲᠣᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠶᠠᠮᠠᠷ ᠠᠰᠠᠭᠤᠳᠠᠯ ᠲᠤᠯᠭᠠᠮ ᠪᠠᠶᠢᠪᠠᠯ ᠲᠡᠷᠡ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ ᠲᠥᠪᠯᠡᠷᠡᠯ ᠤᠨ ᠵᠠᠢ ᠶᠢ ᠲᠠᠭᠠᠷᠠᠭᠤᠯᠬᠤ᠂ ᠪᠠᠯᠴᠢᠷ ᠢ ᠣᠨᠣᠪᠴᠢᠲᠠᠶ ᠡᠷᠢᠬᠦ᠂ ᠠᠮᠢᠨ ᠭᠠᠵᠠᠷ ᠢ ᠨᠢ ᠠᠳᠬᠤᠬᠤ ᠪᠠᠷ ᠳᠠᠮᠵᠢᠭᠤᠯᠵᠤ᠂ ᠪᠣᠳᠠᠲᠠᠢ ᠠᠵᠢᠯᠯᠠᠭᠰᠠᠨ ᠦᠭᠡᠢ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠷᠠᠳ ᠤᠯᠠᠨ ᠤ ᠠᠰᠢᠭ ᠲᠤᠰᠠ ᠶᠢᠨ ᠲᠠᠯ᠎ᠠ ᠪᠠᠷ ᠬᠠᠮᠠᠭᠠᠯᠠᠬᠤ ᠦᠭᠡᠢ᠂ ᠠᠵᠢᠯ ᠬᠢᠬᠦ ᠦᠭᠡᠢ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠮᠵᠢᠨ ᠵᠢᠷᠭᠠᠬᠤ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠭᠤᠣᠯᠳᠠᠯᠭ᠎ᠠ ᠲᠠᠢ ᠲᠡᠪᠴᠢᠵᠦ᠂ ᠪᠦᠷᠢᠯᠭᠡᠨ ᠰᠦᠢᠳᠬᠡᠵᠦ ᠵᠢᠷᠭᠠᠨ ᠴᠡᠩᠭᠡᠬᠦ ᠪᠠ ᠣᠮᠣᠷᠬᠠᠭ ᠲᠠᠩᠬᠠᠢ ᠤᠵᠢᠳ ᠰᠠᠮᠠᠭᠤᠨ ᠮᠠᠭᠤ ᠰᠤᠷᠲᠠᠯ ᠢ ᠭᠤᠣᠯᠳᠠᠯᠭ᠎ᠠ ᠲᠠᠢ ᠬᠤᠷᠢᠭᠯᠠᠨ ᠵᠣᠭᠰᠤᠭᠠᠬᠤ ᠬᠡᠷᠡᠭᠲᠡᠢ᠃    ︽ᠬᠤᠭᠤᠰᠤᠨ ᠯᠠᠷᠵᠢᠶ᠎ᠠ︾ ᠶᠢ ᠴᠡᠭᠡᠷᠯᠡᠬᠦ ᠳᠤ᠂ ᠪᠣᠳᠠᠲᠠᠢ ᠳᠤ ᠭᠦᠨᠵᠡᠭᠡᠶᠢᠷᠡᠵᠦ᠂ ᠪᠠᠶᠢᠴᠠᠭᠠᠨ ᠰᠤᠳᠤᠯᠤᠯᠲᠠ ᠬᠢᠬᠦ ᠶᠢ ᠨᠡᠩ ᠪᠣᠳᠠᠲᠠᠢ ᠶᠢ ᠡᠷᠭᠢᠮᠯᠡᠭᠦ ᠪᠤᠯᠭᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠪᠣᠯ ᠤᠴᠢᠷ ᠶᠠᠪᠤᠳᠠᠯ ᠢ ᠪᠣᠳᠣᠯᠬᠢᠯᠠᠬᠤ ᠶᠢᠨ ᠰᠠᠭᠤᠷᠢ᠂ ᠤᠴᠢᠷ ᠶᠠᠪᠤᠳᠠᠯ ᠢ ᠪᠦᠲᠦᠭᠡᠬᠦ ᠶᠢᠨ ᠶᠣᠰᠣ ᠮᠥᠨ᠂ ᠠᠷᠠᠳ ᠲᠦᠮᠡᠨ ᠢᠶᠠᠷ ᠪᠠᠭᠰᠢ ᠪᠠᠷᠢᠵᠤ᠂ ᠠᠷᠠᠳ ᠲᠦᠮᠡᠨ ᠠᠴᠠ ᠰᠤᠷᠤᠯᠴᠠᠵᠤ᠂ ᠯᠠᠷᠵᠢᠶ᠎ᠠ ᠶᠠᠩᠪᠠ ᠪᠠᠨ ᠲᠠᠶᠠᠭᠳᠠᠨ᠂ ᠪᠡᠶ᠎ᠡ ᠪᠠᠷ ᠢᠶᠠᠨ ᠴᠢᠷᠮᠠᠶᠢᠵᠤ᠂ ᠤᠯᠠᠨ ᠲᠦᠮᠡᠨ ᠲᠠᠢ ᠣᠶᠢᠷᠠᠳᠴᠤ᠂ ᠤᠯᠠᠨ ᠲᠦᠮᠡᠨ ᠤ ᠪᠠᠶᠢᠳᠠᠯ ᠢ ᠣᠶᠢᠯᠠᠭᠠᠬᠤ ᠬᠡᠷᠡᠭᠲᠡᠢ᠃ ᠠᠵᠢᠯ ᠤᠨ ᠪᠠᠶᠢᠳᠠᠯ ᠨᠢ ᠰᠠᠶᠢᠨ ᠪᠥᠭᠡᠳ ᠲᠡᠷᠢᠭᠦᠨ ᠤ ᠭᠠᠵᠠᠷ ᠣᠷᠣᠨ ᠳᠤ ᠣᠴᠢᠵᠤ ᠲᠤᠷᠰᠢᠯᠭ᠎ᠠ ᠪᠠᠨ ᠳ᠋ᠦᠩᠨᠡᠬᠦ ᠮᠥᠷᠲᠡᠭᠡᠨ ᠪᠠᠰᠠ ᠤᠯᠠᠨ ᠲᠦᠮᠡᠨ ᠤ ᠰᠠᠨᠠᠯ ᠤᠯᠠᠨ᠂ ᠠᠵᠢᠯ ᠢᠶᠠᠨ ᠪᠠᠷᠤᠭᠲᠠᠢ ᠬᠢᠭᠰᠡᠨ ᠭᠠᠵᠠᠷ ᠣᠷᠣᠨ ᠳᠤ ᠣᠴᠢᠵᠤ᠂ ᠬᠦᠴᠢᠷ ᠪᠡᠷᠬᠡᠰᠢᠶᠡᠯ ᠨᠡᠯᠢᠶᠡᠳ ᠤᠯᠠᠨ᠂ ᠪᠠᠶᠢᠳᠠᠯ ᠪᠤᠳᠤᠯᠢᠶᠠᠨᠲᠠᠢ᠂ ᠵᠥᠷᠢᠴᠡᠯ ᠬᠤᠷᠴᠠ ᠰᠢᠷᠦᠭᠦᠨ ᠭᠠᠵᠠᠷ ᠣᠷᠣᠨ ᠳᠤ ᠣᠴᠢᠵᠤ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠪᠠᠶᠢᠴᠠᠭᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠳᠡᠭᠡᠷ᠎ᠡ ᠬᠦᠴᠦ ᠪᠠᠨ ᠲᠠᠯᠪᠢᠬᠤ ᠬᠡᠷᠡᠭᠲᠡᠢ᠃    ︽ᠬᠡᠶᠢᠰᠪᠦᠷᠢ ᠪᠠᠰᠢᠷ︾ ᠢ ᠴᠡᠭᠡᠷᠯᠡᠬᠦ ᠳᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠂ ᠨᠢᠭᠡ ᠰᠡᠳᠬᠢᠯ ᠢᠶᠠᠷ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠬᠦᠴᠦᠨ ᠴᠢᠳᠠᠯ ᠢᠶᠠᠨ ᠰᠢᠪᠬᠠᠨ ᠪᠣᠳᠠᠲᠤ ᠦᠷ᠎ᠡ ᠪᠦᠲᠦᠮᠵᠢ ᠶᠢ ᠡᠷᠬᠢᠮᠯᠡᠪᠡᠯ ᠰᠠᠶ᠋ᠢ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ ᠴᠢᠳᠠᠨ᠎ᠠ᠃ ᠠᠵᠢᠯ ᠤᠨ ᠳᠤᠮᠳᠠ ︽ᠬᠠᠭᠤᠷᠮᠠᠭ ᠶᠡᠭᠡ ᠬᠤᠭᠤᠰᠤᠨ︾ ᠢ ᠲᠠᠶᠠᠭᠳᠠᠵᠤ᠂ ︽ᠬᠤᠭᠤᠰᠤᠨ ᠠᠮᠠᠯᠠᠯᠲᠠ︾ ᠬᠢᠬᠦ ᠦᠭᠡᠢ ᠪᠠᠶᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠰᠠᠨᠠᠭᠠᠴᠢᠯᠠᠭ᠎ᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠣᠯᠠᠨ ᠤ ᠬᠦᠴᠦᠨ ᠢ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠰᠢᠨ᠎ᠡ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ