ᠬᠤᠪᠢᠰᠬᠠᠯ ᠤᠨ ᠪᠤᠤᠬᠢᠶ᠎ᠠ ᠳᠠᠮᠵᠢᠭᠤᠯᠬᠤ ︽ᠪᠤᠭᠤᠷᠤᠯᠴᠤᠳ ᠤᠨ ᠬᠦᠴᠦᠨ︾
ᠨᠡᠶᠢᠲᠡᠯᠡᠭᠰᠡᠨ ᠴᠠᠭ᠄
2025/5/14
    ᠪᠤᠭᠤᠲᠤ ᠬᠤᠳᠠ ᠶᠢᠨ ᠵᠡᠭᠡᠯᠢ ᠭᠤᠳᠤᠮᠵᠢ ᠪᠠᠷ᠂ ᠨᠢᠭᠡ ᠪᠦᠯᠦᠭ ᠪᠤᠭᠤᠷᠤᠯᠴᠤᠳ ᠢᠶᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠭᠴᠢᠳ ᠴᠠᠭ ᠦᠶ᠎ᠡ ᠶᠢᠨ ᠬᠤᠪᠢᠷᠠᠯᠲᠠ ᠶᠢ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠲᠡᠮᠳᠡᠭᠯᠡᠨ᠎ᠡ᠃ ᠲᠠᠳᠠ ᠣᠨᠣᠯ ᠤᠨ ᠲᠤᠰᠬᠠᠢ ᠮᠡᠷᠭᠡᠵᠢᠯᠲᠡᠨ ᠪᠢᠰᠢ ᠪᠤᠯᠪᠠᠴᠦ᠂ ᠥᠪᠡᠷᠮᠢᠴᠡ ᠠᠷᠭ᠎ᠠ ᠭᠡᠯᠪᠡᠷᠢ ᠪᠠᠷ ᠰᠢᠨ᠎ᠡ ᠴᠠᠭ ᠦᠶ᠎ᠡ ᠶᠢᠨ ᠰᠢᠮᠡᠯᠢᠭ ᠬᠥᠷᠥᠰᠥᠨ ᠳᠡᠭᠡᠷ᠎ᠡ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠳᠤ ᠦᠶ᠎ᠡ ᠶᠢᠨ ᠨᠡᠶᠢᠭᠡᠮ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ ᠬᠤᠪᠢᠷᠠᠭᠤᠯᠤᠨ᠎ᠠ᠃    ᠪᠤᠭᠤᠷᠤᠯᠴᠤᠳ ᠤᠨ ᠭᠠᠷ ᠲᠠᠭᠠᠨ ᠠᠳᠬᠤᠵᠤ ᠪᠠᠶᠢᠭ᠎ᠠ ᠨᠢ ᠶᠠᠷᠢᠶᠠᠨ ᠤ ᠡᠬᠡ ᠨᠣᠣᠷᠠᠭ ᠪᠤᠯᠬᠤ ᠪᠠᠷ ᠪᠠᠷᠠᠬᠤ ᠦᠭᠡᠢ ᠨᠡᠩ ᠴᠤ ᠲᠡᠦᠬᠡ ᠶᠢᠨ ᠠᠮᠢᠳᠤ ᠳᠤᠷᠠᠳᠬᠠᠯ ᠪᠣᠯᠣᠨ᠎ᠠ᠃ ᠨᠠᠶᠠᠨ ᠨᠠᠰᠤᠨ ᠤ ᠠᠬᠠᠮᠠᠳ ᠴᠡᠷᠢᠭ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠲᠠᠶᠢᠨ ᠤ ᠲᠠᠯᠠᠪᠤᠷ ᠲᠠᠬᠢ ᠳᠠᠭᠠᠷᠢᠯᠲᠠ ᠶᠢᠨ ᠪᠦᠷᠢᠶ᠎ᠡ ᠶᠢ ᠶᠠᠷᠢᠬᠤ᠂ ᠠᠬᠠᠮᠠᠳ ᠨᠠᠮ ᠤᠨ ᠡᠭᠦᠷ ᠤᠨ ᠱᠦᠵᠢ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢᠨ ᠪᠦᠲᠦᠭᠡᠨ ᠪᠠᠶᠢᠭᠤᠯᠤᠯᠲᠠ ᠶᠢᠨ ᠲᠡᠮᠦᠷ ᠮᠡᠲᠦ ᠤᠷᠤᠰᠬᠠᠯ ᠤᠰᠤᠨ ᠢ ᠡᠷᠭᠢᠴᠡᠭᠦᠯᠬᠦ ᠳᠤ᠂ ᠲᠡᠳᠡᠭᠡᠷ ᠬᠤᠪᠢᠰᠬᠠᠯ ᠤᠨ ᠦᠯᠢᠭᠡᠷ ᠠᠶᠠᠨᠳᠠᠭᠠᠨ ᠰᠣᠨᠣᠰᠤᠭᠴᠢᠳ ᠤᠨ ᠰᠡᠳᠬᠢᠯ ᠳᠤ ᠬᠠᠳᠠᠩᠰᠢᠨ᠎ᠠ᠃ ᠣᠬᠤᠷ ᠸᠢᠳᠢᠤ᠋ ᠳᠡᠯᠭᠡᠷᠡᠵᠦ ᠪᠠᠶᠢᠭ᠎ᠠ ᠴᠠᠭ ᠦᠶ᠎ᠡ ᠳᠤ᠂ ᠲᠡᠳᠡ ᠲᠡᠦᠬᠡ ᠶᠢ ᠬᠦᠦᠷᠨᠢᠬᠦ ᠠᠷᠭ᠎ᠠ ᠭᠡᠯᠪᠡᠷᠢ ᠪᠠᠷ ᠪᠣᠰᠤᠭ᠎ᠠ ᠴᠣᠭᠴᠠᠲᠤ ᠣᠶᠢᠯᠠᠭᠠᠮᠵᠢᠲᠠᠢ ᠬᠤᠪᠢᠰᠬᠠᠯ ᠤᠨ ᠦᠯᠢᠭᠡᠷ ᠢ ᠵᠢᠷᠤᠭᠯᠠᠵᠤ᠂ ᠵᠠᠯᠠᠭᠤ ᠨᠢᠭᠡ ᠦᠶ᠎ᠡ ᠶᠢᠨ ᠬᠢᠨ ᠳᠤ ᠰᠣᠶᠣᠯ ᠲᠡᠦᠬᠡ ᠶᠢ ᠴᠢᠰᠤ ᠮᠢᠬ᠎ᠠ ᠲᠠᠢ ᠲᠠᠨᠢᠯᠴᠠᠭᠤᠯᠤᠨ᠎ᠠ᠃    ᠲᠡᠳᠡᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠤᠯᠠᠮᠵᠢᠯᠠᠯᠲᠤ ᠪᠣᠷᠣ ᠲᠥᠯᠥᠪ ᠢ ᠰᠢᠪᠲᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠨᠡᠶᠢᠭᠡᠮ ᠲᠣᠭᠤᠷᠢᠭ᠂ ᠠᠭᠤᠳᠠᠮ ᠲᠠᠯᠠᠪᠠᠢ᠂ ᠲᠠᠷᠢᠶᠠᠨ ᠵᠠᠬ᠎ᠠ᠂ ᠦᠢᠯᠡᠳᠪᠦᠷᠢ ᠶᠢᠨ ᠲᠠᠰᠤᠬ᠂ ᠰᠤᠷᠭᠠᠭᠤᠯᠢ ᠶᠢᠨ ᠬᠦᠷᠢᠶ᠎ᠡ ᠵᠡᠷᠭᠡ ᠳᠤ ᠨᠡᠭᠡᠭᠡᠭᠰᠡᠨ ᠨᠡᠭᠦᠳᠡᠯ ᠬᠤᠪᠢᠰᠬᠠᠯ ᠤᠨ ᠬᠢᠴᠢᠶᠡᠯ ᠤᠨ ᠲᠠᠩᠬᠢᠮ ᠳᠤ ᠲᠡᠳᠡᠨ ᠤ ᠪᠠᠷ᠎ᠠ ᠳᠠᠩᠳᠠ ᠪᠠᠨ ᠬᠠᠷᠠᠭᠳᠠᠨ᠎ᠠ᠃ ᠡᠨᠡ ᠬᠦ ︽ᠪᠠᠭᠪᠠᠭᠠᠢ ᠴᠡᠴᠡᠭ︾ ᠮᠠᠶ᠋ᠢᠭ ᠤᠨ ᠳᠠᠮᠵᠢᠭᠤᠯᠭ᠎ᠠ ᠶᠢᠨ ᠵᠠᠭᠪᠤᠷ ᠨᠢ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠭᠠᠭᠴᠠ ᠴᠢᠭᠯᠡᠯ ᠤᠨ ᠤᠬᠠᠭᠤᠯᠭ᠎ᠠ ᠠᠴᠠ ᠬᠤᠣᠰ ᠴᠢᠭᠯᠡᠯ ᠤᠨ ᠤᠬᠠᠭᠤᠯᠭ᠎ᠠ ᠪᠣᠯᠭᠠᠨ ᠬᠤᠪᠢᠷᠠᠭᠤᠯᠵᠤ᠂ ᠲᠣᠭᠲᠠᠮᠠᠯ ᠲᠠᠯᠠᠪᠤᠷ ᠠᠴᠠ ᠨᠡᠭᠡᠭᠡᠯᠲᠡᠲᠤ ᠣᠷᠣᠨ ᠵᠠᠢ ᠪᠣᠯᠭᠠᠨ ᠬᠤᠪᠢᠷᠠᠭᠤᠯᠪᠠ᠃ ᠠᠬᠠᠮᠠᠳ ᠺᠠᠳ᠋ᠷᠴᠤᠳ ᠨᠤᠲᠤᠭ ᠤᠨ ᠠᠶᠠᠯᠭᠤ ᠪᠠᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠵᠤ᠂ ᠪᠣᠳᠠᠲᠤ ᠦᠢᠯᠡᠳᠦᠯᠭᠡ ᠪᠠᠷ ᠣᠨᠣᠯ ᠤᠨ ᠭᠤᠣᠯ ᠴᠢᠮᠦᠭᠡ ᠶᠢ ᠲᠠᠶᠢᠯᠪᠤᠷᠢᠯᠠᠵᠤ᠂ ᠤᠯᠤᠰ ᠲᠥᠷᠥ ᠶᠢᠨ ᠦᠭᠡ ᠶᠠᠷᠢᠶ᠎ᠠ ᠶᠢ ︽ᠲᠤᠬᠠᠢ ᠶᠢᠨ ᠭᠠᠵᠠᠷ ᠲᠤᠨᠢ ᠬᠤᠪᠢᠷᠠᠭᠤᠯᠬᠤ︾ ᠶᠢ ᠦᠨᠡᠨ ᠬᠦ ᠪᠡᠶᠡᠯᠡᠭᠦᠯᠪᠡ᠃    ᠦᠶ᠎ᠡ ᠨᠠᠰᠤ ᠶᠢᠨ ᠬᠤᠭᠤᠷᠣᠨᠳᠣᠭᠢ ᠵᠠᠭᠠᠭ ᠡᠳᠦᠷ ᠢᠷᠡᠬᠦᠶ᠎ᠡ ᠲᠣᠪᠤᠶᠢᠮ᠎ᠠ ᠪᠣᠯᠵᠤ ᠪᠠᠶᠢᠭ᠎ᠠ ᠥᠨᠥᠳᠥᠷ᠂ ᠪᠤᠭᠤᠷᠤᠯᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠴᠠᠭ ᠵᠠᠢ ᠶᠢ ᠠᠯᠤᠰᠯᠠᠭᠰᠠᠨ ᠬᠥᠭᠦᠷᠭᠡ ᠪᠣᠯᠵᠠᠢ᠃ ᠲᠡᠳᠡ ᠬᠥᠮᠥᠨ ᠤ ᠠᠮᠢᠳᠤᠷᠠᠯ ᠤᠨ ᠥᠩᠭᠡᠷᠡᠯᠲᠡ ᠪᠠᠷ ᠦᠶ᠎ᠡ ᠶᠢᠨ ᠬᠤᠭᠤᠷᠣᠨᠳᠣᠭᠢ ᠲᠠᠨᠢᠨ ᠮᠡᠳᠡᠬᠦᠢ ᠶᠢᠨ ᠵᠥᠷᠢᠶ᠎ᠡ ᠶᠢ ᠠᠷᠢᠯᠭᠠᠵᠤ᠂ ᠠᠬᠠᠮᠠᠳ ᠬᠥᠮᠥᠰ ᠤᠨ ᠤᠶᠤᠨ ᠤᠬᠠᠭᠠᠨ ᠢᠶᠠᠷ ᠦᠷᠳᠡᠭ ᠤᠨ ᠦᠵᠡᠯᠲᠡ ᠶᠢᠨ ᠵᠥᠷᠢᠯᠳᠦᠭᠡᠨ ᠢ ᠨᠥᠬᠦᠪᠦᠷᠢᠯᠡᠵᠦ ᠪᠤᠢ᠃ ᠴᠠᠭ ᠦᠶ᠎ᠡ ᠶᠢᠨ ᠵᠥᠷᠢᠶ᠎ᠡ ᠲᠠᠢ ᠬᠥᠮᠥᠰ ᠤᠨ ᠠᠳᠠᠯᠢ ᠪᠤᠰᠤ ᠦᠵᠡᠯᠲᠡ ᠤᠴᠠᠷᠠᠬᠤ ᠳᠤ ᠤᠯᠤᠰ ᠭᠡᠷ ᠤᠨ ᠬᠠᠶᠢᠷ᠎ᠠ ᠰᠡᠳᠬᠢᠯᠭᠡ ᠬᠠᠮᠲᠤ ᠶᠢᠨ ᠴᠤᠤᠷᠢᠶ᠎ᠠ ᠶᠢ ᠴᠢᠪᠬᠠᠳᠠᠨ᠎ᠠ᠃ ᠡᠶᠢᠮᠦᠷᠬᠦᠦ ᠦᠶ᠎ᠡ ᠠᠯᠤᠰᠯᠠᠭᠰᠠᠨ ᠶᠠᠷᠢᠯᠴᠠᠭ᠎ᠠ ᠨᠢ ᠬᠤᠪᠢᠰᠬᠠᠯ ᠤᠨ ᠤᠳᠤᠮᠰᠢᠯ ᠢ ᠤᠯᠠᠮᠵᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠤᠶᠤᠨ ᠰᠠᠨᠠᠭᠠᠨ ᠤ ᠬᠠᠮᠲᠤ ᠶᠢᠨ ᠴᠣᠭᠴᠠ ᠶᠢ ᠪᠤᠶᠢᠵᠢᠭᠤᠯᠵᠠᠢ᠃    ᠪᠤᠭᠤᠲᠤ ᠶᠢᠨ ᠠᠬᠠᠮᠠᠳ ᠺᠠᠳ᠋ᠷᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠦᠢᠯᠡᠳᠦᠯᠭᠡ ᠨᠢ ᠪᠢᠳᠡᠨ ᠳᠤ᠂ ᠬᠤᠪᠢᠰᠬᠠᠯ ᠤᠨ ᠤᠳᠤᠮᠰᠢᠯ ᠪᠣᠯ ᠳᠥᠭᠦᠮᠬᠡᠨ ᠲᠡᠦᠬᠡ ᠶᠢᠨ ᠳᠠᠪᠲᠠᠯᠲᠠ ᠪᠢᠰᠢ᠂ ᠬᠠᠷᠢᠨ ᠴᠠᠭ ᠦᠶ᠎ᠡ ᠶᠢ ᠲᠠᠭᠠᠨ ᠪᠦᠭᠦ ᠲᠠᠯ᠎ᠠ ᠪᠠᠷ ᠤᠷᠤᠭᠰᠢᠯᠠᠬᠤ ᠪᠦᠲᠦᠭᠡᠯᠴᠢ ᠴᠢᠨᠠᠷᠲᠠᠢ ᠬᠤᠪᠢᠷᠠᠯᠲᠠ ᠪᠣᠯᠣᠨ᠎ᠠ ᠭᠡᠳᠡᠭ ᠢ ᠰᠡᠩᠬᠡᠷᠡᠭᠦᠯᠦᠨ᠎ᠡ᠃ ᠪᠤᠭᠤᠷᠤᠯᠴᠤᠳ ᠤᠨ ᠬᠤᠰᠢᠭᠤᠴᠢ ᠨᠠᠷ ᠬᠤᠪᠢᠰᠬᠠᠯ ᠤᠨ ᠤᠳᠤᠮᠰᠢᠯ ᠢ ᠤᠳᠤ ᠦᠶ᠎ᠡ ᠶᠢᠨ ᠬᠥᠭᠵᠢᠯᠲᠡ ᠶᠢᠨ ᠬᠦᠴᠦᠨ ᠪᠣᠯᠭᠠᠨ ᠬᠤᠪᠢᠷᠠᠭᠤᠯᠵᠤ᠂ ᠡᠬᠡ ᠤᠯᠤᠰ ᠤᠨ ᠬᠠᠶᠢᠷ᠎ᠠ ᠰᠡᠳᠬᠢᠯᠭᠡ ᠶᠢ ᠡᠭᠡᠯ ᠪᠣᠷᠣᠭᠵᠢᠭᠤᠨ ᠦᠭᠡ ᠭᠡᠯᠡ ᠪᠠᠷ ᠶᠠᠷᠢᠬᠤ ᠦᠶ᠎ᠡ ᠳᠤ᠂ ᠬᠤᠪᠢᠰᠬᠠᠯᠲᠤ ᠤᠳᠤᠮᠰᠢᠯ ᠨᠢ ᠥᠨᠢᠳᠡ ᠤᠯᠠᠮᠵᠢᠯᠠᠭᠳᠠᠬᠤ ᠠᠮᠢᠵᠢᠷᠠᠯ ᠤᠨ ᠬᠦᠴᠦᠨ ᠲᠠᠢ ᠪᠤᠯᠳᠠᠭ᠃ ᠡᠨᠡᠬᠦ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠲᠠᠢ ᠣᠶᠢᠷᠠᠲᠤᠭᠰᠠᠨ ᠳᠠᠮᠵᠢᠭᠤᠯᠭ᠎ᠠ ᠶᠢᠨ ᠵᠠᠭᠪᠤᠷ ᠨᠢ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠳᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠨ᠎ᠡ ᠵᠠᠮ ᠢ ᠨᠡᠭᠡᠭᠡᠨ᠎ᠡ᠃     
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ