5 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶᠠᠨ ᠤ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ | ᠬᠡᠷᠡᠭᠲᠡᠶ᠃ | ᠠᠵᠤ ᠠᠬᠤᠢ ᠶᠢᠨ ᠰᠠᠶᠢᠵᠢᠷᠠᠯᠲᠠ ᠲᠠᠢ ᠪᠣᠯᠬᠤ ᠬᠠᠨᠳᠤᠰᠢ ᠶᠢ ᠪᠠᠬᠢᠵᠢᠭᠦᠯᠵᠦ᠂ ᠬᠠᠷᠠᠯᠲᠠ ᠪᠠᠨ ᠲᠣᠭᠲᠠᠭᠠᠨ ᠬᠤᠶᠠᠳᠤᠭᠠᠷ ᠤᠯᠠᠷᠢᠯ ᠳᠤ ᠡᠷᠡᠯᠬᠡᠭᠯᠡᠨ ᠲᠡᠮᠡᠴᠡᠵᠦ᠂ | ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠲᠠᠯᠳᠡ | ᠬᠦᠴᠦᠨ ᠢᠶᠠᠨ ᠦᠷᠭᠦᠯᠵᠢᠯᠡᠨ ᠠᠭᠤᠳᠠᠯᠵᠤ ᠦᠷ᠎ᠡ ᠠᠰᠢᠭ ᠢᠶᠠᠨ ᠨᠡᠮᠡᠭᠳᠡᠭᠦᠯᠵᠦ᠂ ᠬᠠᠭᠠᠰ ᠵᠢᠯ ᠳᠤ ︽ᠬᠤᠣᠰ ᠳᠠᠪᠠᠯᠲᠠ ᠶᠢ ᠪᠡᠶᠡᠯᠡᠬᠦᠯᠬᠦ︾ ᠬᠠᠷᠠᠯᠲᠠ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ | ᠴᠠᠭ ᠬᠤᠭᠤᠴᠠᠭᠠᠨ ᠤ ᠵᠠᠩᠭᠢᠯᠠᠭ᠎ᠠ ᠶᠣᠰᠣᠭᠠᠷ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠰᠦᠯᠵᠢᠶ᠎ᠡ︾ ᠶᠢ | ᠱᠠᠯᠠᠪᠳᠠᠨ ᠪᠠᠶᠢᠭᠤᠯᠬᠤ ᠪᠠ ᠬᠤᠲᠠ ᠶᠢᠨ ᠬᠡᠪᠴᠢᠶᠡᠨ ᠳᠠᠬᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠵᠦ᠂ | ︽ᠬᠤᠶᠠᠷ ᠢ ᠤᠷᠢᠳᠠᠪᠠᠷ ᠬᠢᠬᠦ︾ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃ ᠲᠠᠷᠢᠶᠠᠯᠠᠩ᠂ ᠮᠠᠯ ᠠᠵᠤ ᠠᠬᠤᠶ᠂ ᠰᠢᠭᠤᠶᠢᠲᠤ ᠣᠷᠣᠨ ᠤ ᠪᠣᠳᠠᠲᠤ ᠣᠨᠴᠠᠯᠢᠭ ᠲᠤ | ᠴᠢᠭᠯᠡᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠶ ᠪᠠ ᠬᠡᠯᠬᠢᠶ᠎ᠡ ᠶᠢ ᠤᠷᠲᠤᠳᠬᠠᠬᠤ ᠠᠷᠭ᠎ᠠ ᠵᠠᠮ ᠢ ᠰᠢᠰᠲ᠋ᠧᠮ ᠲᠠᠢ ᠰᠤᠳᠤᠯᠵᠤ᠂ ᠬᠠᠮᠢᠶ᠎ᠠ ᠪᠥᠬᠦᠶ | ᠵᠢᠯᠣᠭᠤᠳᠬᠤ ᠰᠠᠨᠠᠯ ᠢ ᠰᠠᠶᠢᠲᠤᠷ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ | ᠨᠠᠷᠢᠯᠢᠭ ᠪᠣᠳᠠᠲᠠᠶ ᠬᠢᠬᠦ ᠬᠡᠷᠡᠭᠲᠡᠶ᠃ ︽ᠠᠭᠤᠰᠤᠯᠴᠠᠯ ᠤᠨ ᠵᠠᠮ︾ ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠬᠦ᠂ ᠢᠮᠢᠨ ᠭᠤᠤᠯ ᠳᠠᠭᠠᠤ ᠶᠢᠨ | ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠬᠤᠩᠭᠢᠯ ᠤᠨ ᠪᠥᠲᠥᠭᠡᠨ ᠪᠠᠶᠢᠭᠤᠯᠤᠯᠲᠠ᠂ ︽ᠬᠡᠷ ᠲᠡᠷᠭᠡ + ᠮᠠᠯᠴᠢᠨ ᠡᠷᠦᠬᠡ ᠶᠢᠨ ᠵᠢᠭᠤᠯᠴᠢᠯᠠᠯ︾ ᠤᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭᠠᠴᠢᠨ ᠤ | ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠶ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ | ᠪᠦᠬᠦ ᠬᠦᠴᠦᠨ ᠢᠶᠠᠷ ᠬᠠᠮᠵᠢᠯᠴᠠᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠨᠤᠭᠤ ᠭᠠᠵᠠᠷ ᠢ ᠰᠦᠢᠳᠬᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠤᠯᠤᠰ ᠤᠨ ᠦᠮᠴᠢᠯᠡᠯᠲᠦ ᠭᠠᠵᠠᠷ ᠰᠢᠷᠣᠢ ᠶᠢᠨ ᠡᠬᠢ ᠪᠠᠶᠠᠯᠢᠭ ᠢ ᠭᠦᠢᠯᠭᠡᠭᠡᠵᠢᠬᠦᠯᠦᠨ | ᠬᠢᠨᠠᠨ ᠬᠠᠮᠢᠶᠠᠷᠬᠤ ᠶᠢ ᠰᠠᠶᠢᠲᠤᠷ ᠬᠢᠬᠦ ᠬᠡᠷᠡᠭᠲᠡᠢ᠃ ᠵᠠᠩᠭᠢᠯᠠᠭ᠎ᠠ ᠶᠢᠨ ᠬᠦᠷᠢᠶᠡᠨ ᠤ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠦᠬᠦ ᠬᠤᠲᠠ ᠶᠢᠨ | ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠬᠢᠨᠠᠨ ᠵᠥᠪᠯᠡᠪᠡ᠃ | ᠲᠡᠷᠡ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ ᠰᠦᠯᠵᠢᠶᠡᠨ ᠤ | ᠠᠭᠤᠯᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠰᠦᠯᠵᠢᠶ᠎ᠡ ᠶᠢ ᠬᠠᠮᠢᠶᠠᠷᠬᠤ ᠰᠦᠯᠵᠢᠶ᠎ᠡ ᠶᠢ ᠵᠠᠰᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ | ᠰᠦᠯᠵᠢᠶᠡᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠦᠬᠦ ᠬᠤᠳᠠ ᠶᠢᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠤᠯᠠᠨ ᠲᠦᠮᠡᠨᠴᠢ ᠪᠦᠯᠬᠦᠮ ᠤᠨ ᠵᠣᠬᠢᠶᠠᠨ | ᠪᠠᠶᠢᠭᠤᠯᠬᠤ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |