ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ 2025 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠴᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠤᠨ ᠠᠶᠤᠯ ᠭᠠᠷᠤᠭᠰᠠᠨ ᠪᠠ ᠭᠦᠢᠵᠧᠦ ᠶᠢᠨ ᠪᠢᠵᠢᠶᠧ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠤᠭᠠᠴᠠᠯ ᠤᠨ ᠣᠩᠭᠤᠴᠠ ᠬᠥᠷᠪᠡᠭᠰᠡᠨ ᠠᠳᠡᠯ ᠭᠠᠷᠤᠭᠰᠠᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠭᠦᠨᠵᠡᠭᠡᠶ ᠰᠤᠷᠭᠠᠮᠵᠢ ᠠᠪᠬᠤ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠶ᠂ ᠭᠤᠷᠢᠳᠠᠬᠤ ᠪᠤᠳᠦᠯ᠂ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠦᠨᠡᠨᠬᠦ ᠬᠢᠬᠦ ᠬᠡᠷᠡᠭᠲᠡᠶ᠂ ᠠᠳᠡᠭᠳᠡᠯ ᠢ ᠰᠡᠷᠭᠡᠶᠢᠯᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠨᠲᠡ ᠲᠣᠭᠲᠠᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠨ ᠤ ᠡᠭᠦᠷᠭᠡ ᠪᠠᠨ ᠲᠦᠷᠭᠡᠳᠬᠡᠨ ᠠᠬᠢᠭᠤᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠬᠦᠴᠦᠯᠡᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢ ᠡᠷᠴᠢᠮᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠲᠦᠮᠵᠢᠲᠡᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠨ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠦᠴᠢᠷᠳᠡᠯᠲᠡᠢ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠨ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠠᠭᠠᠭᠤᠯᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠭᠦᠷᠭᠡ ᠶᠢ ᠬᠤᠪᠢᠶᠠᠷᠢᠯᠠᠬᠤ᠂ ᠬᠦᠴᠦᠨ ᠢ ᠬᠤᠪᠢᠶᠠᠷᠢᠯᠠᠬᠤ ᠪᠠ ᠴᠠᠭ ᠤᠨ ᠳᠠᠷᠠᠭᠠᠯᠠᠯ ᠢ ᠲᠤᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠣᠳᠠᠲᠠᠢ ᠠᠵᠢᠯᠯᠠᠵᠤ ᠲᠦᠷᠭᠡᠨ ᠠᠵᠢᠯᠯᠠᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ︽ᠬᠥᠯᠥᠨ ᠪᠤᠶᠢᠷ ᠬᠤᠲᠠ ᠶᠢᠨ ᠬᠤᠲᠠ ᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ︵ᠪᠠᠶᠢᠰᠢᠩ ᠬᠡᠷ ᠪᠠᠶᠢᠰᠢᠩ ᠤᠨ ᠲᠣᠭᠤᠷᠢᠭ︶ ᠠᠵᠢᠯ ᠤᠨ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ ︽ᠬᠥᠯᠥᠨ ᠪᠤᠶᠢᠷ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2025 — 2027 ᠣᠨ︶ ︵ᠬᠢᠨᠠᠨ ᠵᠥᠪᠯᠡᠬᠦ ᠨᠤᠤᠷᠠᠭ︶︾ ᠵᠡᠷᠭᠡ ᠲᠥᠰᠦᠯ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ