5 ᠰᠠᠷ᠎ᠠ ᠶᠢᠨ 7 — 8 ᠤ ᠡᠳᠦᠷ ᠪᠤᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠭᠡᠭᠡᠨ ᠭᠤᠣᠯ ᠬᠤᠲᠠ᠂ ᠡᠷᠭᠦᠨ᠎ᠡ | ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠬᠥᠯᠥᠨ ᠪᠤᠶᠢᠷ ᠬᠤᠳᠠ ᠶᠢᠨ ᠬᠤᠩ ᠶᠤᠸᠠᠨ ᠬᠡᠭᠡᠷ᠎ᠡ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ᠂ ᠸᠠᠩ ᠸᠠᠩ ᠱᠧᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠣᠳᠣᠬᠠᠨ ᠳᠤ ᠣᠷᠣᠰᠢᠵᠤ | ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠢ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠦᠢᠯᠡᠳᠬᠦᠨ ᠤ ᠪᠦᠲᠦᠴᠡ ᠪᠠᠨ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠬᠡᠵᠦ᠂ ᠦᠢᠯᠡᠳᠬᠦᠨ ᠤ ᠨᠡᠮᠡᠯᠲᠡ ᠦᠷᠳᠡᠭ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ | ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ | ᠡᠭᠦᠨ ᠤ ᠬᠠᠮᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠢ ᠦᠢᠯᠡᠴᠢᠯᠡᠭᠡ ᠪᠠᠲᠤᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠭᠡᠵᠦ ᠵᠠᠬᠢᠪᠠ᠃ ᠭᠡᠭᠡᠨ ᠭᠤᠤᠯ ᠬᠤᠲᠠ ᠶᠢᠨ ᠣᠯᠭᠤᠶᠠ ᠶᠢᠨ | ᠪᠤᠭᠤᠴᠢᠨ ᠠᠶᠢᠮᠠᠭ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ | ᠳᠠᠷᠠᠭ᠎ᠠ᠂ ᠸᠠᠩ ᠸᠠᠩ ᠱᠧᠩ᠂ ᠵᠣᠨ ᠤ ᠤᠯᠠᠷᠢᠯ ᠤᠨ ᠵᠢᠭᠤᠯᠴᠢᠯᠠᠯ ᠤᠨ ᠴᠠᠭ ᠤᠨ ᠵᠠᠩᠭᠢᠯᠠᠭ᠎ᠠ ᠶᠢ ᠴᠢᠩᠭ᠎ᠠ ᠠᠩᠬᠠᠷᠴᠤ᠂ ᠵᠢᠭᠤᠯᠴᠢᠯᠠᠭᠴᠢᠳ ᠤᠨ ᠪᠡᠶᠡᠴᠢᠯᠡᠨ | ᠣᠶᠢᠯᠠᠭᠠᠬᠤ ᠶᠢ ᠳᠡᠭᠡᠭᠰᠢᠯᠡᠭᠦᠯᠬᠦ᠂ ᠬᠡᠷᠡᠭᠯᠡᠭᠡ ᠶᠢᠨ ᠨᠡᠮᠡᠭᠳᠡᠯ ᠢ ᠳᠠᠶᠢᠴᠢᠯᠠᠬᠤ ᠨᠠᠩ ᠣᠯᠠᠨ ᠵᠢᠭᠤᠯᠴᠢᠯᠠᠯ ᠤᠨ ᠦᠢᠯᠡᠳᠬᠦᠨ ᠢ ᠬᠦᠴᠦ ᠪᠠᠨ ᠲᠥᠪᠯᠡᠷᠡᠭᠦᠯᠦᠨ | ᠡᠭᠦᠳᠴᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ | ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠢ ᠤᠭᠲᠤᠬᠤ ᠳᠤ ᠡᠯ᠎ᠡ ᠭᠠᠵᠠᠷ ᠤᠨ ᠵᠢᠭᠤᠯᠴᠢᠯᠠᠭᠴᠢᠳ ᠲᠤ ᠭᠦᠢᠴᠡᠳ ᠪᠡᠯᠡᠳᠬᠡᠯ ᠬᠢᠬᠦ ᠬᠡᠷᠡᠭᠲᠡᠶ | ᠭᠡᠵᠦ ᠬᠡᠯᠡᠪᠡ᠃ | ᠪᠢᠯᠢᠶᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠪᠣᠯᠤᠨ ᠴᠧᠩ ᠴᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ ᠸᠠᠩ ᠱᠧᠩ | ᠠᠮᠢ ᠠᠬᠤᠢ ᠶᠢ ᠰᠡᠷᠭᠦᠭᠡᠨ ᠵᠠᠰᠠᠬᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ | ᠣᠷᠴᠢᠨ ᠲᠣᠭᠤᠷᠢᠨ ᠤ ᠪᠣᠬᠢᠷᠲᠤᠯ ᠪᠣᠯᠤᠨ ᠠᠮᠤᠷ ᠲᠦᠪᠰᠢᠨ ᠤ ᠭᠡᠮ ᠰᠣᠭᠤᠭ ᠤᠨ ᠲᠡᠦᠬᠡᠨ ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠬᠥᠭᠵᠢᠭᠦᠯᠬᠦ ᠪᠠ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠪᠣᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠦᠭᠡᠢ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠠᠶᠤᠯᠭᠦᠶ ᠦᠶ᠋ᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠭᠤᠷᠬᠠᠶ ᠶᠢᠨ | ᠬᠤᠳᠳᠤᠭ ᠲᠤ ᠠᠵᠢᠯᠯᠠᠬᠤ ᠠᠮᠤᠷ ᠲᠦᠪᠰᠢᠨ ᠤ ᠬᠠᠮᠠᠭᠠᠯᠠᠯᠲᠠ᠂ ᠣᠨᠴᠠᠭᠠᠶ ᠴᠠᠭ ᠠᠭᠤᠷ ᠢ ᠰᠡᠷᠭᠡᠶᠢᠯᠡᠨ ᠠᠷᠭᠠᠴᠠᠬᠤ ᠵᠡᠷᠭᠡ ᠪᠡᠯᠡᠳᠬᠡᠯ ᠪᠠᠲᠤᠯᠠᠭ᠎ᠠ ᠶᠢᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠡᠯᠡᠳᠬᠡᠯ ᠲᠠᠢ ᠪᠣᠯ ᠪᠠᠯᠢᠳᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠷᠭᠦᠨ᠎ᠡ | ᠬᠤᠳᠠ ᠶᠢᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠠᠯᠠᠪᠠᠢ ᠳᠤ᠂ ᠸᠠᠩ ᠸᠠᠩ ᠱᠧᠩ ᠲᠤᠬᠠᠢ ᠶᠢᠨ ᠲᠠᠯᠠᠪᠠᠢ ᠳᠤ ᠠᠮᠢ ᠠᠬᠤᠢ ᠶᠢᠨ ᠣᠷᠴᠢᠨ | ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ᠂ ᠬᠤᠷᠢᠶᠠᠨ ᠵᠥᠭᠡᠭᠡᠪᠦᠷᠢᠯᠡᠬᠦ᠂ | ᠰᠢᠢᠳᠪᠦᠷᠢᠯᠡᠬᠦ᠂ ᠬᠢᠨᠠᠨ ᠬᠠᠮᠢᠶᠠᠷᠬᠤ ᠵᠡᠷᠭᠡ ᠭᠤᠭᠴᠤᠭ᠎ᠠ ᠶᠢ ᠴᠢᠩᠭ᠎ᠠ ᠠᠩᠬᠠᠷᠴᠤ᠂ ᠪᠦᠬᠦ ᠬᠡᠯᠬᠢᠶᠡᠨ ᠤ ᠵᠢᠷᠤᠮᠵᠢᠭᠰᠠᠨ ᠬᠠᠮᠢᠶᠠᠷᠤᠯᠲᠠ ᠶᠢᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠡᠨᠡ ᠬᠤᠭᠤᠴᠠᠭᠠᠨ ᠳᠤ᠂ ᠸᠠᠩ ᠸᠠᠩ ᠱᠧᠩ ᠬᠤᠶᠠᠷ ᠭᠠᠵᠠᠷ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ᠂ ᠬᠠᠭᠠᠰ ᠵᠢᠯ ᠳᠤ ︽ᠬᠤᠣᠰ ᠳᠠᠪᠠᠯᠲᠠ ᠶᠢ ᠪᠡᠶᠡᠯᠡᠬᠦᠯᠬᠦ︾ ᠬᠠᠷᠠᠯᠲᠠ ᠶᠢ ᠪᠡᠶᠡᠯᠡᠭᠦᠯᠬᠦ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠣᠳᠣᠬᠠᠨ ᠤ ᠠᠵᠤ ᠠᠬᠤᠢ ᠶᠢᠨ ᠶᠠᠪᠤᠭᠳᠠᠯ᠂ ᠲᠡᠰ ᠳᠡᠪᠰᠢᠭᠦᠯᠦᠨ ᠨᠢᠭᠡᠳᠦᠯᠲᠡᠢ ᠲᠥᠯᠥᠪᠵᠢᠭᠦᠯᠬᠦ᠂ ᠡᠬᠢ ᠪᠠᠶᠠᠯᠢᠭ ᠢ ᠭᠦᠯᠭᠡᠭᠡᠵᠢᠬᠦᠯᠬᠦ ᠵᠡᠷᠭᠡ | ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃ |