ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ | ᠬᠤᠷᠢᠶ᠎ᠠ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ | ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ ᠵᠡᠷᠭᠡ ᠣᠯᠠᠨ ᠨᠢᠭᠡᠴᠡ ᠠᠴᠠ ᠳᠠᠭᠠᠭᠠᠴᠢᠯᠠᠨ ᠡᠷᠭᠢᠯᠡᠭᠰᠡᠨ 2025 | ᠣᠨ ᠤ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ | ᠭᠤᠤᠯ ᠠᠵᠢᠯᠯᠠᠭ᠎ᠠ ᠵᠢᠴᠢ ᠠᠨᠠᠷ ᠤᠨ ᠤᠯᠠᠭᠠᠨ ᠮᠤᠷᠢᠨᠳᠠᠪᠠᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠦᠨᠳᠦᠰᠦᠨ ᠱᠠᠲᠤᠨ ᠤ ᠠᠶᠠᠯᠠᠯ ᠤᠨ ᠨᠢᠭᠡᠳᠦᠭᠡᠷ ᠥᠷᠲᠡᠭᠡ ︵ᠨᠢᠷᠵᠢ ᠪᠠᠯᠭᠠᠰᠤ ᠶᠢᠨ ᠨᠡᠶᠢᠭᠡᠮ ᠲᠣᠭᠤᠷᠢᠭ︶ ᠶᠢᠨ ᠬᠢᠨ ᠢᠯᠠᠨ ᠲᠠᠯᠠᠪᠠᠶ ᠳᠤ ᠶᠠᠪᠤᠭᠳᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠤᠯᠠᠭᠠᠨᠮᠥ᠋ᠴᠢᠷ ᠪᠣᠯᠤᠨ ᠰᠣᠶᠣᠯ ᠤᠨ ᠣᠷᠳᠣᠨ ᠤ ᠲᠣᠭᠯᠠᠭᠴᠢᠳ ᠳᠠᠭᠤᠤ ᠪᠥᠵᠢᠭ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ | ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠲᠠᠪᠴᠠᠩ᠂ | ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠲᠠᠪᠴᠠᠩ ᠵᠡᠷᠭᠡ ᠪᠠᠷ ᠠᠵᠢᠯ ᠢᠶᠠᠨ ᠥᠷᠨᠢᠭᠦᠯᠵᠦ᠂ ᠠᠵᠢᠯᠲᠠᠳ ᠰᠠᠭᠤᠭᠠᠯᠢ ᠠᠷᠠᠳ ᠲᠤ ᠢᠳᠡᠪᠬᠢᠲᠡᠶ ᠪᠠᠷ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢ ᠬᠦᠯᠢᠴᠡᠩᠭᠦᠶ ᠲᠠᠶᠢᠯᠪᠤᠷᠢᠯᠠᠨ᠂ | ᠦᠶ ᠣᠯᠠᠨ ᠰᠠᠭᠤᠭᠠᠯᠢ ᠠᠷᠠᠳ ᠬᠠᠯᠠᠮᠵᠢᠯᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠠᠵᠢᠯᠲᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠤᠰ | ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠠᠶᠢᠵᠤ᠂ ᠤᠷᠠᠨ ᠰᠠᠶᠢᠬᠠᠨ ᠤ ᠲᠣᠭᠯᠠᠯᠲᠠ ᠵᠡᠷᠭᠡ | ᠬᠡᠯᠪᠡᠷᠢ ᠪᠠᠷ ᠦᠨᠳᠦᠰᠦᠲᠡᠨ ᠨᠦᠭᠦᠳ ᠤᠨ ᠰᠣᠯᠢᠯᠴᠠᠭ᠎ᠠ ᠪᠦᠯᠬᠦᠮᠳᠡᠯ ᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠪᠠ᠃ | ᠬᠤᠰᠢᠭᠤᠨ ᠤ ᠤᠳᠤᠷᠢᠳᠤᠯᠭ᠎ᠠ ᠰᠦ ᠯᠢ ᠫᠢᠩ᠂ ᠭᠦᠸᠧ ᡁᠢ ᠶᠢᠩ᠂ ᠡᠤ ᠶᠠᠨ ᠠᠵᠢᠯᠯᠠᠭ᠎ᠠ ᠳᠤ ᠣᠷᠣᠯᠴᠠᠪᠠ᠃ | |