5 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠨᠢᠦ ᠮᠢᠩ ᠬᠤᠤ᠂ ᠬᠤᠰᠢᠭᠤ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠦ᠋ ᠧᠨ ᠵᠢᠶᠦ᠋ᠨ᠂ | ᠳᠡᠳ᠋ ᠬᠤᠰᠢᠭᠤ ᠤ ᠳᠠᠷᠤᠭ᠎ᠠ ᠯᠢᠦ ᡁᠢ ᠴᠧᠩ᠂ ᠬᠤᠰᠢᠭᠤ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠸᠠᠨ ᠯᠢ ᠯᠢ ᠪᠦᠦ ᠱᠠᠨ | ᠪᠠᠯᠭᠠᠰᠤᠨ ᠳᠤ ᠬᠦᠷᠴᠦ ᠣᠶ ᠰᠢᠭᠤᠶ ᠡᠪᠡᠰᠦ ᠪᠡᠯᠴᠢᠭᠡᠷ ᠢ ᠰᠦᠶ᠋ᠳᠬᠡᠵᠦ ᠨᠤᠭᠤ ᠭᠠᠵᠠᠷ ᠢ ᠰᠦᠶ᠋ᠳᠬᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ | ᠵᠢᠯᠣᠭᠤᠳᠪᠠ᠃ ᠬᠠᠤᠯᠢ ᠠᠴᠠ ᠵᠥᠷᠢᠴᠡᠭᠰᠡᠨ ᠲᠣᠯᠪᠤ ᠲᠠᠢ ᠭᠠᠵᠠᠷ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠭᠠᠵᠠᠷ ᠤᠨ ᠪᠠᠶᠢᠳᠠᠯ ᠵᠢᠴᠢ ᠰᠢᠶ᠋ᠳᠪᠦᠷᠢᠯᠡᠬᠦ | ᠠᠬᠢᠴᠠ ᠶᠢ ᠭᠦᠨᠵᠡᠭᠡᠶ ᠣᠶᠢᠯᠠᠭᠠᠵᠤ᠂ ᠰᠡᠷᠡᠮᠵᠢ ᠶᠢᠨ ᠫᠠᠶᠢᠰᠠ ᠪᠠᠶᠢᠭᠤᠯᠬᠤ᠂ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭᠠᠨ ᠵᠢᠴᠢ ᠤᠷᠭᠤᠮᠠᠯ ᠤᠨ | ᠬᠤᠴᠢᠯᠭ᠎ᠠ ᠶᠢᠨ ᠰᠡᠷᠭᠦᠯᠲᠡ ᠶᠢᠨ ᠪᠠᠶᠢᠳᠠᠯ ᠢ ᠪᠠᠶᠢᠴᠠᠭᠠᠪᠠ᠃ | ᠪᠠᠶᠢᠴᠠᠭᠠᠨ ᠰᠤᠳᠤᠯᠤᠯᠲᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠣᠶᠢᠯᠠᠭᠠᠮᠵᠢᠲᠠᠶ ᠰᠡᠳᠬᠢᠬᠦᠶ ᠶᠢ ᠪᠣᠶ ᠪᠣᠯᠭᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠠᠷᠭ᠎ᠠ ᠪᠦᠬᠦᠨ ᠢ ᠰᠦᠪᠡᠭᠴᠢᠯᠡᠨ᠂ ᠳᠠᠷᠤᠯᠲᠠ ᠥᠭᠴᠦ ᠡᠷᠡᠯᠬᠡᠭᠯᠡᠨ | ᠲᠡᠮᠡᠴᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠵᠤ᠂ ᠨᠡᠮᠡᠭᠳᠡᠯ ᠢ ᠬᠤᠷᠢᠭᠯᠠᠵᠤ᠂ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠶᠡᠷᠦᠩᠬᠡᠶ ᠳᠠᠶᠢᠯᠠᠯᠳᠤᠭᠠᠨ ᠢ | ᠡᠷᠡᠰ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ︽ᠦᠯᠡᠳᠡᠭᠡᠯ ᠢ ᠪᠠᠭᠠᠰᠬᠠᠬᠤ︾ ᠪᠠᠷ ᠬᠦᠴᠦᠯᠡᠵᠦ᠂ ᠲᠣᠯᠪᠤ ᠲᠠᠢ ᠴᠡᠭᠴᠡᠯᠡᠨ ᠰᠠᠶᠢᠵᠢᠷᠠᠭᠤᠯᠬᠤ | ᠠᠬᠢᠴᠠ ᠶᠢ ᠲᠦᠷᠭᠡᠳᠬᠡᠨ ᠠᠬᠢᠭᠤᠯᠵᠤ᠂ ᠲᠣᠯᠪᠤ ᠲᠠᠢ ᠪᠣᠯᠭᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠪᠣᠳᠠᠲᠠᠶᠢᠵᠢᠭᠤᠯᠵᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠵᠣᠭᠤᠰ ᠢᠶᠠᠷ ᠲᠣᠷᠭᠠᠵᠤ ᠬᠤᠷᠢᠶᠠᠨ | ᠠᠪᠬᠤ ᠵᠡᠷᠭᠡ ᠠᠵᠢᠯ ᠢ ᠳᠠᠷᠤᠶ ᠲᠦᠷᠭᠡᠨ ᠵᠣᠬᠢᠶᠠᠨ ᠪᠠᠶᠢᠭᠤᠯᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠶᠢ | ᠪᠠᠲᠤᠯᠠᠬᠤ ᠬᠡᠷᠡᠭᠲᠡᠶ᠃ ︽ᠨᠡᠮᠡᠭᠳᠡᠯ ᠢ ᠡᠷᠡᠰ ᠬᠤᠷᠢᠭᠯᠠᠵᠤ︾᠂ ᠲᠣᠭᠤᠷᠢᠨ ᠬᠠᠮᠠᠭᠠᠯᠠᠵᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠠᠯᠭᠠᠰᠤ | ᠲᠣᠰᠬᠤᠨ ᠬᠤᠶᠠᠷ ᠱᠠᠲᠤᠨ ᠤ ᠠᠵᠢᠯᠲᠠᠨ ᠤ ᠬᠦᠴᠦᠨ ᠢ ᠰᠠᠶᠢᠲᠤᠷ ᠵᠣᠬᠢᠶᠠᠨ ᠪᠠᠶᠢᠭᠤᠯᠵᠤ᠂ ᠴᠢᠩᠭ᠎ᠠ ᠰᠡᠷᠭᠡᠶᠢᠯᠡᠵᠦ ᠦᠬᠦᠨ ᠰᠠᠬᠢᠬᠤ ᠥᠨᠳᠥᠷ ᠳᠠᠷᠤᠯᠲᠠᠲᠤ | ᠪᠠᠶᠢᠳᠠᠯ ᠢ ᠦᠷᠭᠦᠯᠵᠢᠯᠡᠨ ᠪᠠᠲᠤᠯᠠᠵᠤ᠂ ᠡᠯ᠎ᠡ ᠲᠥᠷᠥᠯ ᠤᠨ ᠣᠶ ᠰᠢᠭᠤᠶ ᠨᠤᠲᠤᠭ ᠪᠡᠯᠴᠢᠭᠡᠷ ᠢ ᠰᠦᠶ᠋ᠳᠬᠡᠬᠦ ᠦᠶ᠋ᠯᠡ ᠠᠵᠢᠯᠯᠠᠭ᠎ᠠ ᠳᠤ ᠴᠤᠬᠤᠶᠢᠮᠠᠭᠴᠠ ᠴᠣᠬᠢᠯᠲᠠ | ᠥᠭᠬᠦ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ᠂ ᠲᠦᠷᠭᠡᠨ ᠪᠠᠶᠢᠴᠠᠭᠠᠵᠤ ᠲᠦᠷᠭᠡᠨ ᠰᠢᠶ᠋ᠳᠪᠦᠷᠢᠯᠡᠬᠦ ᠶᠢ ᠪᠠᠷᠢᠮᠲᠠᠯᠠᠵᠤ᠂ ᠲᠦᠷᠢᠮ ᠲᠣᠭᠲᠠᠭᠠᠯ ᠢ ᠵᠥᠷᠢᠴᠡᠵᠦ | ᠬᠠᠤᠯᠢ ᠴᠠᠭᠠᠵᠠ ᠶᠢ ᠵᠥᠷᠢᠴᠡᠵᠦ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠰᠠᠭᠤᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ | | | |