5 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠳᠡᠳ᠋ ᠬᠤᠰᠢᠭᠤᠨ ᠤ ᠳᠠᠷᠤᠭ᠎ᠠ ᠢᠦᠶ ᠬᠦᠶ ᠰᠢᠨ ᠳ᠋ᠧᠩ ᠲᠧ ᠺᠧ ᠪᠠᠯᠭᠠᠰᠤᠨ ᠳᠤ ᠬᠦᠷᠴᠦ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠨᠤᠭᠤ ᠭᠠᠵᠠᠷ ᠢ ᠡᠪᠳᠡᠬᠦ | ᠵᠡᠷᠭᠡ ᠭᠤᠤᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠪᠠ᠃ | ᠢᠦᠶ ᠬᠦᠶ ᠰᠢᠨ ᠪᠸᠢ ᠱᠢ ᠴᠠᠩ ᠲᠣᠰᠬᠤᠨ ᠳᠤ ᠬᠠᠤᠯᠢ ᠠᠴᠠ ᠵᠥᠷᠢᠴᠡᠭᠰᠡᠨ ᠲᠣᠯᠪᠤ ᠲᠠᠢ ᠭᠠᠵᠠᠷ ᠢ ᠬᠠᠮᠢᠶᠠᠷᠴᠤ ᠬᠠᠮᠠᠭᠠᠯᠠᠵᠤ ᠪᠠᠶᠢᠭ᠎ᠠ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠴᠠᠭᠠᠨ ᠦᠵᠡᠬᠦ ᠶᠠᠪᠤᠴᠠ ᠳᠠᠭᠠᠨ᠂ ᠬᠠᠤᠯᠢ ᠠᠴᠠ ᠵᠥᠷᠢᠴᠡᠭᠰᠡᠨ ᠲᠣᠯᠪᠤ ᠲᠠᠢ ᠭᠠᠵᠠᠷ ᠤᠨ ᠵᠢᠭᠠᠯᠲᠠ ᠫᠠᠶᠢᠰᠠ | ᠲᠣᠬᠢᠷᠠᠭᠤᠯᠬᠤ᠂ ᠳᠦᠷᠰᠦ ᠰᠢᠩᠭᠡᠭᠡᠬᠦ ᠮᠠᠰᠢᠨ ᠤᠭᠰᠠᠷᠠᠬᠤ᠂ ᠭᠠᠵᠠᠷ ᠤᠨ ᠵᠠᠭᠠᠭ ᠲᠣᠭᠲᠠᠭᠠᠬᠤ ᠵᠡᠷᠭᠡ ᠲᠠᠯ᠎ᠠ ᠪᠠᠷ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ | ᠳᠠᠷᠠᠭ᠎ᠠ ᠨᠢ᠂ ᠢᠦᠢ ᠬᠦᠢ ᠰᠢᠨ ᠪᠠᠯᠭᠠᠰᠤᠨ ᠤ ᠵᠠᠰᠠᠭ ᠤᠨ ᠣᠷᠳᠣᠨ ᠤ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠷᠢᠯᠴᠠᠬᠤ ᠬᠤᠷᠠᠯ ᠬᠢᠵᠦ᠂ | ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠲᠣᠰᠬᠤᠨ ᠳᠠᠭᠠᠭᠠᠴᠢᠯᠠᠭᠰᠠᠨ ᠠᠵᠢᠯᠯᠠᠬᠤ ᠳᠤᠭᠤᠶᠢᠯᠠᠩ ᠤᠨ ᠳᠠᠷᠤᠭ᠎ᠠ | ᠲᠠᠢ ᠶᠠᠷᠢᠯᠴᠠᠬᠤ ᠬᠤᠷᠠᠯ ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠧᠨ ᠮᠠᠨ ᠤ ᠪᠠᠯᠭᠠᠰᠤᠨ ᠤ ᠣᠶ | ᠰᠢᠭᠤᠶ ᠡᠪᠡᠰᠦ ᠪᠡᠯᠴᠢᠭᠡᠷ ᠢ ᠰᠦᠶ᠋ᠳᠬᠡᠬᠦ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠪᠠᠯᠭᠠᠰᠤᠨ ᠤ | ᠬᠠᠤᠯᠢ ᠶᠢ ᠵᠥᠷᠢᠴᠡᠨ ᠣᠶ ᠰᠢᠭᠤᠶ ᠶᠢ ᠰᠦᠶ᠋ᠳᠬᠡᠵᠦ ᠠᠲᠠᠷ ᠭᠠᠵᠠᠷ ᠢ ᠬᠠᠭᠠᠯᠪᠤᠷᠢᠯᠠᠭᠰᠠᠨ ᠪᠠ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠪᠠᠶᠢᠳᠠᠯ ᠢ ᠨᠠᠷᠢᠨ | ᠣᠶᠢᠯᠠᠭᠠᠪᠠ︔ ᠪᠠᠯᠭᠠᠰᠤᠨ ᠤ ᠡᠯ᠎ᠡ ᠭᠠᠴᠠᠭ᠎ᠠ ᠶᠢ ᠳᠠᠭᠠᠭᠠᠴᠢᠯᠠᠬᠤ ᠠᠵᠢᠯ ᠤᠨ ᠳᠤᠭᠤᠶᠢᠯᠠᠩ ᠤᠨ ᠳᠠᠷᠤᠭ᠎ᠠ ᠲᠠᠢ ᠲᠣᠰ ᠲᠣᠰ ᠤᠨ ᠬᠠᠷᠢᠭᠤᠴᠠᠵᠤ ᠪᠠᠶᠢᠭ᠎ᠠ ᠭᠠᠵᠠᠷ | ᠰᠢᠷᠣᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠬᠤ ᠶᠢᠨ ᠬᠠᠮᠲᠤ ᠮᠠᠨ ᠤ ᠪᠠᠯᠭᠠᠰᠤᠨ ᠤ ᠣᠶ ᠰᠢᠭᠤᠶ ᠡᠪᠡᠰᠦ | ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠪᠠᠶᠢᠷᠢᠯᠠᠭᠤᠯᠤᠯᠲᠠ ᠬᠢᠪᠠ᠃ | |