5 ᠰᠠᠷ᠎ᠠ ᠶᠢᠨ 13 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ | ᠰᠢᠤ ᠵᠢᠶᠦ᠋ᠨ ᠲᠠᠪᠤᠨ ᠣᠪᠣᠭ᠎ᠠ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠡᠪᠡᠰᠦ ᠪᠡᠯᠴᠢᠭᠡᠷ ᠢ ᠰᠦᠶ᠋ᠳᠬᠡᠵᠦ ᠨᠤᠭᠤ ᠭᠠᠵᠠᠷ ᠢ ᠰᠦᠶ᠋ᠳᠬᠡᠬᠦ ᠠᠵᠢᠯ ᠳᠤ ᠬᠠᠤᠯᠢ | ᠶᠣᠰᠣᠭᠠᠷ ᠴᠣᠬᠢᠯᠲᠠ ᠥᠭᠬᠦ ᠠᠵᠢᠯ ᠢ ᠬᠢᠨᠠᠨ ᠵᠢᠯᠣᠭᠤᠳᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠹᠠᠨ ᠴᠢ ᠬᠠᠮᠲᠤ ᠪᠠᠶᠢᠴᠠᠭᠠᠨ ᠰᠤᠳᠤᠯᠤᠯᠲᠠ ᠬᠢᠵᠦ᠂ ᠲᠠᠪᠤᠨ ᠣᠪᠣᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠹᠤᠩ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠮᠠᠤ ᠹᠦ᠋ ᠴᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠵᠣᠣ ᠰᠢᠤ ᠵᠢᠶᠦ᠋ᠨ ᠨᠡᠷ ᠤᠷᠢᠳ ᠬᠤᠵᠢᠳ ᠲᠠᠪᠤᠨ ᠣᠪᠣᠭ᠎ᠠ ᠲᠣᠰᠬᠤᠨ ᠪᠠ ᠱᠤᠸᠠᠩ ᠴᠢᠩ ᠱᠠᠨ ᠲᠣᠰᠬᠤᠨ ᠳᠤ ᠬᠦᠷᠴᠦ ᠣᠶ ᠰᠢᠭᠤᠶ ᠨᠤᠲᠤᠭ | ᠪᠡᠯᠴᠢᠭᠡᠷ ᠢ ᠡᠪᠳᠡᠵᠦ ᠬᠠᠤᠯᠢ ᠴᠠᠭᠠᠵᠠ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠪᠠᠶᠢᠴᠠᠭᠠᠵᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠲᠣᠰ ᠣᠷᠣᠨ ᠪᠦᠰᠡ ᠶᠢᠨ ᠬᠤᠬᠢᠷᠠᠯ ᠳᠤ ᠤᠴᠠᠷᠠᠭᠰᠠᠨ ᠪᠠᠶᠢᠳᠠᠯ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢᠴᠢ ᠣᠳᠣᠬᠠᠨ ᠤ ᠴᠡᠭᠴᠡᠯᠡᠨ ᠵᠠᠰᠠᠬᠤ ᠠᠬᠢᠴᠠ ᠶᠢ | ᠨᠠᠷᠢᠨ ᠣᠶᠢᠯᠠᠭᠠᠪᠠ᠃ ᠠᠵᠢᠯᠲᠠᠨ ᠢ ᠴᠡᠭᠴᠡᠯᠡᠨ ᠵᠠᠰᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠭᠰᠠᠨ ᠪᠥᠭᠡᠳ ᠪᠣᠳᠠᠲᠠᠶ | ᠪᠠᠶᠢᠳᠠᠯ ᠳᠤ ᠴᠢᠭᠯᠡᠭᠦᠯᠦᠨ ᠪᠣᠳᠠᠲᠠᠶ ᠵᠢᠯᠣᠭᠤᠳᠬᠤ ᠰᠠᠨᠠᠯ ᠳᠤᠷᠠᠳᠴᠠᠶ᠃ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠨᠲᠡ ᠡᠪᠳᠡᠭᠳᠡᠭᠰᠡᠨ | ᠣᠷᠣᠨ ᠪᠦᠰᠡ ᠳᠤ ᠰᠢᠨᠵᠢᠯᠡᠬᠦ ᠤᠬᠠᠭᠠᠨᠴᠢ ᠲᠥᠰᠦᠯ ᠶᠣᠰᠣᠭᠠᠷ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠲᠦᠷᠭᠡᠬᠡᠨ ᠥᠷᠨᠢᠭᠦᠯᠵᠦ᠂ ᠠᠮᠢ ᠠᠬᠤᠶ ᠶᠢᠨ | ᠣᠷᠴᠢᠨ ᠨᠥᠬᠦᠴᠡᠯ ᠢ ᠪᠦᠲᠦᠮᠵᠢᠲᠡᠶ ᠵᠠᠰᠠᠨ ᠰᠡᠷᠭᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠵᠣᠣ ᠲᠡᠷᠢᠭᠦᠯᠡᠭᠴᠢ ᠴᠢᠬᠤᠯᠠᠴᠢᠯᠠᠭᠰᠠᠨ ᠨᠢ᠂ ᠨᠢᠭᠡ ᠳᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠳᠤ ᠴᠣᠬᠢᠯᠲᠠ ᠥᠭᠬᠦ ᠠᠵᠢᠯ ᠤᠨ ᠴᠠᠭ ᠤᠨ | ᠵᠠᠩᠭᠢᠯᠠᠭ᠎ᠠ ᠶᠢᠨ ᠴᠡᠭ ᠢ ᠦᠨᠳᠦᠰᠦᠯᠡᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠣᠭᠤᠰ ᠢᠶᠠᠷ ᠲᠣᠷᠭᠠᠵᠤ ᠬᠤᠷᠢᠶᠠᠨ ᠠᠪᠬᠤ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠭᠠᠵᠠᠷ ᠰᠢᠷᠣᠶ ᠶᠢ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠢᠷᠤᠭ ᠲᠣᠯᠪᠤ ᠶᠢ ᠬᠠᠰᠤᠬᠤ ᠠᠵᠢᠯ ᠢ | ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠤᠶᠠᠷ ᠲᠤ ᠤᠢ ᠰᠢᠭᠤᠢ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢᠨ ︽ᠴᠢᠩᠭ᠎ᠠ︾ ᠪᠠᠶᠢᠬᠤ ᠴᠢᠩᠭ᠎ᠠ ᠲᠤᠬᠢᠶ᠎ᠠ ᠶᠢ ᠦᠷᠭᠦᠯᠵᠢᠯᠡᠨ ᠳᠠᠮᠵᠢᠭᠤᠯᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ | ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠬᠠᠤᠯᠢ ᠠᠴᠠ ᠵᠥᠷᠢᠴᠡᠭᠰᠡᠨ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠠᠳᠠᠷ ᠬᠠᠭᠠᠯᠪᠤᠷᠢᠯᠠᠬᠤ | ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ | | |