︽ᠵᠠᠯᠠᠭᠤᠴᠤᠳ ᠪᠣᠯ ᠤᠯᠤᠰ ᠤᠨ ᠢᠷᠡᠭᠡᠳᠦᠢ ᠪᠠ ᠦᠨᠳᠦᠰᠦᠲᠡᠨ ᠤ ᠬᠦᠰᠡᠯ ᠮᠥᠨ᠃︾ ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠳᠤ ᠵᠠᠯᠠᠭᠤᠴᠤᠳ | ᠬᠡᠵᠢᠶᠡᠳᠡ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠃ 4 ᠳ᠋ᠦ᠋ᠭᠡᠷ ᠰᠠᠷ᠎ᠠ ᠶᠢᠨ 29 ᠤ ᠡᠳᠦᠷ᠂ ᠱᠠᠩᠬᠠᠢ ᠶᠢᠨ ︽ᠮᠥᠸᠧ ᠰᠦ᠋ ᠣᠷᠣᠨ ᠵᠠᠢ︾ ᠲᠣᠮᠣ ᠵᠠᠭᠪᠤᠷ ᠤᠨ | ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠲᠤ᠂ ᠶᠡᠷᠦᠩᠬᠡᠢ ᠱᠦᠵᠢ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠲᠠᠢ ᠳᠣᠲᠣᠨᠣᠰᠤᠭ ᠢᠶᠠᠷ | ᠶᠠᠷᠢᠯᠴᠠᠵᠤ᠂ ᠲᠡᠳᠡᠨ ᠢ ︽ᠬᠤᠪᠢ ᠬᠥᠮᠥᠨ ᠤ ᠴᠢᠷᠮᠠᠶᠢᠯᠭ᠎ᠠ ᠪᠠᠨ ᠤᠯᠤᠰ ᠤᠨ ᠢᠷᠡᠭᠡᠳᠦᠢ ᠲᠠᠢ ᠨᠢᠭᠲᠠ ᠬᠤᠯᠪᠣᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ | ᠵᠠᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠭᠤᠳᠠᠮ ᠲᠠᠪᠴᠠᠩ ᠳᠤ ᠵᠠᠯᠠᠭᠤ ᠨᠠᠰᠤᠨ ᠤ ᠬᠡᠷᠡᠯ ᠭᠢᠯᠪᠠᠭ᠎ᠠ ᠪᠠᠨ | ᠰᠠᠴᠤᠷᠠᠭᠤᠯᠤᠭᠠᠷᠠᠢ︾ ᠭᠡᠵᠦ ᠵᠣᠷᠢᠭᠵᠢᠭᠤᠯᠪᠠ᠃ ᠤᠯᠤᠰ ᠢᠶᠠᠨ ᠬᠠᠶᠢᠷᠠᠯᠠᠬᠤ ᠰᠡᠳᠬᠢᠯ ᠡᠪᠦᠷᠯᠡᠨᠡᠮ ︽ᠥᠷᠭᠡᠨ ᠤᠯᠠᠨ ᠵᠠᠯᠠᠭᠤᠴᠤᠳ ᠬᠦᠰᠡᠯ ᠪᠠ ᠢᠲᠡᠭᠡᠯ ᠢᠶᠠᠨ | ᠪᠠᠲᠤᠳᠬᠠᠵᠤ᠂ ᠤᠯᠤᠰ ᠭᠡᠷ ᠤᠨ ᠰᠡᠳᠬᠢᠯᠭᠡ ᠪᠠᠨ ᠨᠡᠮᠡᠭᠳᠡᠭᠦᠯᠦᠨ᠂ ᠴᠠᠭᠠᠷᠠᠭᠰᠠᠨ ᠴᠢᠳᠠᠪᠤᠷᠢ ᠲᠠᠢ ᠪᠣᠯᠬᠤ ᠪᠠᠷ ᠪᠣᠯᠪᠠᠰᠤᠷᠠᠵᠤ᠂ ᠴᠢᠷᠮᠠᠶᠢᠨ ᠲᠡᠮᠡᠴᠡᠬᠦ ᠵᠣᠷᠢᠭ | ᠰᠠᠨᠠᠭ᠎ᠠ ᠪᠠᠨ ᠪᠠᠳᠠᠷᠠᠭᠤᠯᠤᠨ᠂ ᠡᠬᠡ ᠤᠯᠤᠰ ᠪᠠ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ ᠡᠷᠳᠡᠮ ᠴᠢᠳᠠᠪᠤᠷᠢ ᠪᠠᠨ ᠭᠠᠷᠭᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ | ᠃︾ ᠡᠨᠡ ᠵᠢᠯ ᠤᠨ ᠲᠠᠪᠤᠨ ᠰᠠᠷ᠎ᠠ ᠶᠢᠨ ᠳᠦᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ | ᠰᠢᠨᠵᠢᠶᠠᠩ ᠤᠨ ᠠᠲ᠋ᠦ᠋ᠱ ᠬᠤᠲᠠ ᠶᠢᠨ ᠺᠠᠷᠠ ᠵᠢᠶᠦ᠋ᠨ ᠰᠢᠶᠠᠩ ᠤᠨ ᠰᠢᠶᠧᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠬᠢᠵᠠᠭᠠᠷ ᠢ ᠰᠠᠬᠢᠨ ᠬᠠᠮᠠᠭᠠᠯᠠᠵᠤ ᠰᠤᠷᠭᠠᠨ | ᠬᠥᠮᠦᠵᠢᠯ ᠤᠨ ᠦᠢᠯᠡᠰ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ ᠶᠢᠨ ᠪᠦᠬᠦ ᠭᠡᠰᠢᠭᠦᠳ ᠲᠤ ᠬᠠᠷᠢᠭᠤ | ᠵᠠᠬᠢᠳᠠᠯ ᠪᠢᠴᠢᠵᠦ᠂ ᠪᠦᠬᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ ᠬᠦᠷᠭᠡᠭᠰᠡᠨ ᠤ ᠬᠠᠮᠲᠤ ᠴᠢᠩ ᠰᠡᠳᠬᠢᠯ ᠠᠴᠠ ᠪᠠᠨ ᠬᠦᠰᠡᠯ ᠨᠠᠶᠢᠳᠠᠯᠭ᠎ᠠ | ᠲᠠᠯᠪᠢᠵᠠᠢ᠃ ᠤᠯᠤᠰ ᠲᠤ ᠪᠠᠨ ᠵᠢᠳᠬᠦᠬᠦ ᠵᠣᠷᠢᠭ ᠢᠶᠠᠨ ᠡᠷᠴᠢᠯᠡᠨᠡᠮ ︽ᠵᠣᠬᠢᠶᠠᠮᠠᠯ ᠣᠶᠤᠨ ᠪᠣᠯ ᠰᠢᠨ᠎ᠡ ᠪᠠᠷ ᠥᠷᠨᠢᠵᠦ ᠪᠠᠶᠢᠭ᠎ᠠ ᠠᠵᠢᠯ ᠦᠢᠯᠡᠰ ᠮᠥᠷᠲᠡᠭᠡᠨ | ᠵᠠᠯᠠᠭᠤᠴᠤᠳ ᠤᠨ ᠠᠵᠢᠯ ᠦᠢᠯᠡᠰ ᠪᠣᠯᠣᠨ᠎ᠠ︾᠃ ᠶᠡᠷᠦᠩᠬᠡᠢ ᠱᠦᠵᠢ ᠰᠢ ᠶᠢᠨ ᠫᠢᠩ ᠬᠡᠯᠡᠬᠦ ᠳᠤ ᠪᠠᠨ᠂ ︽ᠪᠢᠳᠡ ᠶᠠᠭ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠂ ᠡᠨᠡ ᠨᠢ ᠶᠠᠭ ᠵᠠᠯᠠᠭᠤ ᠨᠢᠭᠡ | ᠦᠶ᠎ᠡ ᠶᠢᠨ ᠬᠢᠨ ᠤ ᠠᠪᠢᠶᠠᠰ ᠢᠶᠠᠨ ᠭᠠᠶᠢᠬᠠᠭᠤᠯᠵᠤ᠂ ᠡᠷᠳᠡᠮ ᠢᠶᠠᠨ ᠪᠠᠳᠠᠷᠠᠭᠤᠯᠬᠤ ᠰᠠᠶᠢᠨ ᠴᠠᠭ ᠮᠥᠨ︾ ᠭᠡᠵᠡᠢ᠃ ᠤᠯᠤᠰ ᠢᠶᠠᠨ ᠬᠦᠴᠦᠷᠬᠡᠭᠵᠢᠭᠦᠯᠬᠦ | ᠴᠢᠳᠠᠪᠤᠷᠢ ᠪᠠᠨ ᠴᠢᠩᠭᠠᠷᠠᠭᠤᠯᠤᠨᠠᠮ ︽ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠳᠤ ᠲᠡᠦᠬᠡᠨ ᠳᠡᠭᠡᠷᠡᠬᠢ ᠠᠯᠢ | ᠨᠢᠭᠡ ᠦᠶ᠎ᠡ ᠠᠴᠠ ᠴᠦ ᠨᠡᠩ ᠢᠯᠡᠭᠦᠦ ᠣᠶᠢᠷᠠᠳᠴᠤ ᠪᠣᠢ᠂ ᠶᠡᠷᠦ ᠠᠴᠠ ᠣᠳᠣ ᠶᠢᠨ ᠬᠢ ᠰᠢᠭ ᠢᠩᠭᠢᠵᠦ ᠣᠶᠢᠷᠠᠲᠤᠵᠤ ᠦᠵᠡᠭᠡ ᠦᠭᠡᠢ ᠶᠤᠮ᠃ ᠵᠠᠯᠠᠭᠤᠴᠤᠳ | ᠲᠠ ᠨᠠᠷ ᠠᠭᠤᠤ ᠶᠡᠭᠡ ᠴᠠᠭ ᠦᠶ᠎ᠡ ᠳᠤ ᠣᠷᠣᠰᠢᠵᠤ᠂ ᠡᠶᠢᠮᠦ ᠠᠭᠤᠤ ᠶᠡᠭᠡ ᠬᠠᠷᠠᠯᠲᠠ ᠲᠠᠢ ᠪᠠᠶᠢᠨ᠎ᠠ᠂ ᠴᠠᠭ ᠤᠨ ᠰᠠᠶᠢᠨ ᠢ ᠠᠮᠵᠢᠨ ᠲᠡᠭᠦᠨ ᠤ ᠲᠥᠯᠥᠭᠡ | ᠲᠡᠮᠡᠴᠡᠭᠡᠷᠡᠢ︕︾ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ ᠵᠠᠯᠠᠭᠤᠴᠤᠳ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ | ᠡᠷᠡᠰ ᠰᠢᠭᠤᠷᠬᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠬᠦ ᠶᠢ ᠵᠣᠷᠢᠭᠵᠢᠭᠤᠯᠤᠭᠰᠠᠨ ᠪᠠᠶᠢᠨ᠎ᠠ᠃ | | |